ᠮᠠᠨᠢᠬᠠᠨ ᠰᠢᠶᠠᠩ᠄ ᠲᠣᠰᠬᠤᠨ ᠤ ᠱᠠᠲᠤᠨ ᠤ ᠲᠥᠯᠥᠭᠡᠯᠡᠭᠴᠢᠳ ᠤᠨ ᠬᠤᠯᠪᠣᠭ᠎ᠠ ᠠᠪᠬᠤ ᠠᠵᠢᠯ ᠤᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ
ᠨᠡᠶᠢᠲᠡᠯᠡᠭᠰᠡᠨ ᠴᠠᠭ᠄
2023/12/28
    ᠤᠢᠢᠷ᠎ᠠ ᠶᠢᠨ ᠵᠢᠯ ᠠᠴᠠ᠂ ᠮᠠᠨᠢᠬᠠᠨ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠥᠪ ᠭᠤᠣᠯᠴᠢ ᠪᠠᠷ ᠰᠢᠨ᠎ᠡ ᠶᠢ ᠡᠭᠦᠳᠬᠦ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ᠲᠣᠰᠬᠤᠨ ᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠠᠷᠢᠯᠴᠠᠬᠤ ᠠᠵᠢᠯ ᠤᠨ ᠦᠷᠳᠡᠭᠡ ᠶᠢ ᠪᠠᠶᠢᠭᠤᠯᠬᠤ ᠪᠠᠷ ᠭᠠᠷᠳᠠᠴᠠ ᠪᠣᠯᠭᠠᠵᠤ᠂ ᠲᠥᠯᠥᠭᠡᠯᠡᠭᠴᠢᠳ ᠤᠨ ᠤᠯᠠᠨ ᠲᠦᠮᠡᠨ ᠲᠠᠢ ᠬᠠᠷᠢᠯᠴᠠᠬᠤ ︽ᠡᠴᠦᠰ ᠤᠨ ᠨᠢᠭᠡ ᠺᠢᠯᠦᠮᠧᠲᠷ︾ ᠢ ᠨᠡᠪᠲᠡᠷᠡᠭᠦᠯᠵᠦ᠂ ᠠᠷᠠᠳ ᠤᠯᠠᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠠᠬᠢᠭᠤᠯᠵᠤ᠂ ᠲᠥᠯᠥᠭᠡᠯᠡᠭᠴᠢᠳ ᠤᠨ ᠦᠷᠳᠡᠭᠡ ᠳᠤ ᠣᠷᠣᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠵᠠᠮ ᠢ ᠨᠡᠩ ᠥᠷᠭᠡᠨ ᠳᠡᠯᠭᠡᠷ ᠪᠣᠯᠭᠠᠵᠤ᠂ ᠤᠯᠠᠨ ᠲᠦᠮᠡᠨ ᠤ ᠬᠠᠷᠢᠭᠤ ᠲᠤᠰᠬᠠᠭᠰᠠᠨ ᠰᠠᠨᠠᠯ ᠰᠠᠨᠠᠭᠤᠯᠭ᠎ᠠ ᠶᠢ ᠨᠡᠩ ᠲᠦᠬᠦᠮ ᠪᠣᠯᠭᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃    ᠮᠠᠨᠢᠬᠠᠨ ᠰᠢᠶᠠᠩ ᠤᠨ ᠱᠤᠸᠠᠩ ᠮᠢᠶᠣᠣ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠬᠠᠷᠢᠯᠴᠠᠬᠤ ᠠᠵᠢᠯ ᠤᠨ ᠦᠷᠳᠡᠭᠡ ᠳᠤ᠂ ︽ᠱᠤᠸᠠᠩ ᠮᠢᠶᠣᠣ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠷᠢᠯᠴᠠᠬᠤ ᠥᠷᠲᠡᠭᠡ︾ ᠶᠢᠨ ᠲᠤᠮᠤ ᠦᠰᠦᠭ ᠨᠢ ᠬᠠᠷᠠᠭᠠᠨ ᠳᠤ ᠣᠷᠣᠵᠤ᠂ ᠲᠦᠷᠢᠮ ᠢ ᠬᠡᠷᠡᠮ ᠳᠤ ᠭᠠᠷᠭᠠᠵᠤ᠂ ᠠᠯᠪᠠᠯᠠᠬᠤ ᠲᠥᠬᠦᠭᠡᠷᠦᠮᠵᠢ ᠵᠡᠷᠭᠡ ᠨᠢ ᠪᠦᠷᠢᠨ ᠭᠦᠢᠴᠡᠳ ᠪᠠᠶᠢᠵᠤ᠂ ᠢᠯᠡ ᠲᠣᠳᠣ ᠥᠷᠲᠡᠭᠡᠨ ᠳᠣᠲᠣᠷ᠎ᠠ ᠪᠠᠰᠠ ᠨᠣᠮ ᠤᠨ ᠲᠠᠯᠪᠢᠭᠤᠷ ᠲᠤᠬᠢᠷᠠᠭᠤᠯᠵᠤ᠂ ᠨᠣᠮ ᠪᠢᠴᠢᠭ ᠤᠨ ᠲᠦᠷᠦᠯ ᠵᠦᠢᠯ ᠡᠯᠪᠡᠭ ᠪᠠᠶᠠᠯᠢᠭ ᠪᠣᠯᠵᠠᠢ᠃ ︽ᠮᠠᠨ ᠤ ᠲᠣᠰᠬᠤᠨ ᠠᠴᠠ ᠰᠢᠶᠠᠩ ᠬᠦᠷᠬᠦ ᠳᠤ ᠨᠡᠯᠢᠶᠡᠳ ᠬᠤᠯᠠ᠂ ᠡᠪᠦᠯ ᠤᠨ ᠤᠯᠠᠷᠢᠯ ᠳᠤ ᠲᠩᠷᠢ ᠬᠦᠢᠲᠡᠷᠡᠵᠦ ᠪᠢᠳᠡ ᠪᠦᠷ ᠭᠦᠶᠦᠬᠦ ᠳᠤᠷ᠎ᠠ ᠦᠭᠡᠢ ᠪᠠᠶᠢᠨ᠎ᠠ᠂ ᠣᠳᠣ ᠲᠣᠰᠬᠤᠨ ᠳᠤ ᠬᠤᠯᠪᠣᠭ᠎ᠠ ᠠᠪᠬᠤ ᠥᠷᠲᠡᠭᠡ ᠲᠠᠢ ᠪᠣᠯᠵᠤ᠂ ᠲᠥᠯᠥᠭᠡᠯᠡᠭᠴᠢᠳ ᠬᠡᠵᠢᠶ᠎ᠡ ᠴᠦ ᠭᠡᠰᠡᠨ ᠡᠷᠢᠵᠦ ᠢᠷᠡᠨ᠎ᠡ᠂ ᠲᠠ ᠨᠠᠷ ᠦᠨᠡᠬᠡᠷ ᠨᠢᠭᠡ ᠪᠣᠳᠠᠲᠠᠶ ᠠᠵᠢᠯ ᠬᠢᠭᠰᠡᠨ ᠪᠠᠶᠢᠨ᠎ᠠ︾ ᠭᠡᠵᠦ  ᠰᠤᠩᠭᠤᠭᠤᠯᠢ ᠶᠢᠨ ᠠᠷᠠᠳ ᠬᠡᠯᠡᠪᠡ᠃     ︽ᠲᠣᠰᠬᠤᠨ ᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠬᠠᠷᠢᠯᠴᠠᠬᠤ ᠠᠵᠢᠯ ᠤᠨ ᠥᠷᠲᠡᠭᠡ ᠪᠠᠶᠢᠭᠤᠯᠬᠤ ᠨᠢ ᠲᠣᠰᠬᠤᠨ ᠤ ᠠᠷᠠᠳ ᠲᠠᠢ ᠣᠶᠢᠷᠠᠲᠤᠬᠤ᠂ ᠰᠣᠩᠭᠤᠭᠤᠯᠢ ᠶᠢᠨ ᠠᠷᠠᠳ ᠲᠤ ᠳᠥᠭᠦᠮ ᠦᠵᠡᠭᠦᠯᠬᠦ᠂ ᠰᠣᠩᠭᠤᠭᠤᠯᠢ ᠶᠢᠨ ᠠᠷᠠᠳ ᠲᠤ ᠦᠢᠯᠡᠴᠢᠯᠡᠬᠦ ᠣᠨᠴᠠᠯᠢᠭ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠲᠥᠯᠥᠭᠡᠯᠡᠭᠴᠢᠳ ᠤᠯᠠᠨ ᠲᠦᠮᠡᠨ ᠳᠤ ᠦᠢᠯᠡᠴᠢᠯᠡᠬᠦ᠂ ᠰᠣᠩᠭᠤᠭᠤᠯᠢ ᠶᠢᠨ ᠠᠷᠠᠳ ᠲᠠᠢ ᠬᠠᠷᠢᠯᠴᠠᠬᠤ᠂ ᠠᠷᠠᠳ ᠤᠨ ᠰᠠᠨᠠᠭ᠎ᠠ ᠶᠢ ᠳᠠᠮᠵᠢᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠬᠤᠯᠪᠣᠭ᠎ᠠ ᠠᠪᠬᠤ ᠦᠷᠳᠡᠭᠡ ᠶᠢ ᠲᠥᠯᠥᠭᠡᠯᠡᠭᠴᠢᠳ ᠤᠨ ᠰᠤᠷᠤᠯᠴᠠᠬᠤ ᠬᠦᠷᠢᠶᠡᠯᠡᠩ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠢᠭᠰᠠᠭᠠᠯ ᠤᠨ ᠭᠠᠵᠠᠷ᠂ ᠤᠯᠠᠨ ᠲᠦᠮᠡᠨ ᠲᠠᠢ ᠬᠠᠷᠢᠯᠴᠠᠬᠤ ᠥᠨᠳᠦᠷᠯᠢᠭ ᠭᠠᠵᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠤᠬᠠᠭᠤᠯᠬᠤ ᠰᠠᠭᠤᠷᠢᠨ ᠭᠠᠵᠠᠷ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠣᠳᠣ ᠮᠠᠨ ᠤ ᠰᠢᠶᠠᠩ ᠤᠨ 8 ᠵᠠᠰᠠᠭ ᠵᠠᠬᠢᠷᠭᠠᠨ ᠤ ᠲᠣᠰᠬᠤᠨ ᠳᠤ ᠪᠦᠷ ᠲᠥᠯᠥᠭᠡᠯᠡᠭᠴᠢᠳ ᠤᠨ ᠬᠤᠯᠪᠣᠭ᠎ᠠ ᠠᠪᠬᠤ ᠦᠷᠲᠡᠭᠡ ᠪᠠᠶᠢᠭᠤᠯᠵᠤ᠂ ᠰᠢᠶᠠᠩ ᠤᠨ ᠱᠠᠲᠤᠨ ᠳᠤ ᠪᠠᠰᠠ ᠨᠢᠭᠡ ᠬᠤᠯᠪᠣᠭ᠎ᠠ ᠠᠪᠬᠤ ᠶᠡᠷᠦᠩᠬᠡᠢ ᠦᠷᠳᠡᠭᠡ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠪᠠᠶᠢᠨ᠎ᠠ︾ ᠭᠡᠵᠦ ᠮᠠᠨᠢᠬᠠᠨ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠠᠩ ᠹᠧᠩ ᠭᠤᠸᠠᠩ ᠬᠡᠯᠡᠪᠡ᠃ ᠲᠣᠰᠬᠤᠨ ᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠤᠯᠪᠣᠭ᠎ᠠ ᠠᠪᠬᠤ ᠠᠵᠢᠯ ᠤᠨ ᠥᠷᠲᠡᠭᠡ ᠪᠠᠶᠢᠭᠤᠯᠤᠭᠳᠠᠭᠰᠠᠨ ᠠᠴᠠ ᠨᠠᠰᠢ᠂ ᠲᠥᠯᠥᠭᠡᠯᠡᠭᠴᠢᠳ ᠤᠨ ᠥᠷᠲᠡᠭᠡ ᠳᠤ ᠣᠷᠣᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠠᠴᠠ ᠣᠯᠠᠨ ᠲᠦᠮᠡᠨ ᠬᠦᠴᠢᠷᠳᠡᠯ ᠲᠠᠢ ᠪᠠᠶᠢᠵᠤ᠂ ᠠᠰᠠᠭᠤᠳᠠᠯ ᠲᠠᠢ ᠪᠣᠯ ᠲᠥᠯᠥᠭᠡᠯᠡᠭᠴᠢ ᠶᠢ ᠡᠷᠢᠬᠦ ᠨᠢ ᠨᠢᠭᠡᠨᠲᠡ ᠬᠡᠪ ᠤᠨ ᠪᠠᠶᠢᠳᠠᠯ ᠪᠣᠯᠵᠤ᠂ ᠲᠥᠯᠥᠭᠡᠯᠡᠭᠴᠢᠳ ᠤᠨ ᠬᠤᠯᠪᠣᠭ᠎ᠠ ᠠᠪᠬᠤ ᠥᠷᠲᠡᠭᠡ ᠨᠢ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ  ᠭᠦᠢᠴᠡᠳᠬᠡᠬᠦ ᠲᠠᠪᠴᠠᠩ ᠪᠣᠯᠬᠤ ᠪᠠᠷ ᠪᠠᠷᠠᠬᠤ ᠦᠭᠡᠢ᠂ ᠨᠠᠩ ᠴᠤ ᠣᠯᠠᠨ ᠲᠦᠮᠡᠨ ᠤ ᠳᠠᠭᠤᠨ ᠲᠥᠪᠯᠡᠷᠡᠯ ᠤᠨ ᠭᠠᠵᠠᠷ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号