ᠹᠧᠩ ᠱᠸᠦ ᠰᠢᠶᠠᠩ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠭᠤᠷᠪᠠᠨ ᠶᠠᠪᠤᠳᠠᠯ︾ ᠢ ᠢᠯᠡ ᠪᠣᠯᠭᠠᠵᠤ ᠵᠢᠷᠤᠮᠵᠢᠭᠤᠯᠤᠨ ᠠᠵᠢᠯᠯᠠᠭᠤᠯᠬᠤ ᠶᠢ ᠦᠨᠡᠨᠬᠦ ᠪᠠᠲᠤᠯᠠᠨ᠎ᠠ
ᠨᠡᠶᠢᠲᠡᠯᠡᠭᠰᠡᠨ ᠴᠠᠭ᠄
2023/12/28
     ︽ᠭᠤᠷᠪᠠᠨ ᠶᠠᠪᠤᠳᠠᠯ︾ ᠢ ᠢᠯᠡ ᠪᠣᠯᠭᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠣᠰᠬᠤᠨ ᠤ ᠱᠠᠲᠤᠨ ᠤ ᠨᠡᠶᠢᠭᠡᠮ ᠤᠨ ᠵᠠᠰᠠᠯᠲᠠ ᠶᠢᠨ ᠳᠦᠷᠢᠮᠵᠢᠯᠲᠡ᠂ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠦᠯᠦᠭᠡ᠂  ᠹᠧᠩ ᠱᠸᠦ ᠰᠢᠶᠠᠩ ᠨᠠᠷᠢᠨ ᠨᠢᠮᠪᠠᠢ ᠪᠠᠢᠷᠢᠯᠠᠭᠤᠯᠵᠤ᠂ ᠨᠠᠢᠳᠠᠪᠤᠷᠢᠵᠢᠭᠤᠯᠬᠤ ᠶᠢ ᠬᠦᠴᠦᠲᠡᠢ ᠠᠳᠬᠤᠵᠤ᠂ ᠣᠯᠠᠨ ᠠᠷᠭ᠎ᠠ ᠬᠡᠮᠵᠢᠶ᠎ᠡ ᠠᠪᠴᠤ  ᠪᠠᠶᠢᠭᠠᠳ ︽ᠭᠤᠷᠪᠠᠨ ᠶᠠᠪᠤᠳᠠᠯ︾ ᠢ ᠢᠯᠡ ᠨᠠᠶᠢᠳᠠᠪᠤᠷᠢᠵᠢᠭᠤᠯᠬᠤ ᠶᠢ ᠴᠢᠩᠭᠠᠳᠭᠠᠪᠠ᠃    ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠵᠦ ᠰᠢᠨ᠎ᠡ ᠶᠢ ᠡᠭᠦᠳᠬᠦ ᠠᠷᠭ᠎ᠠ    ᠪᠦᠬᠦ ᠰᠢᠶᠠᠩ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠰᠦᠯᠵᠢᠶᠡᠨ ᠳᠡᠭᠡᠷ᠎ᠡ︾ ᠪᠠ ︽ᠰᠦᠯᠵᠢᠶᠡᠨ ᠭᠠᠳᠠᠨᠠᠬᠢ︾ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠬᠡᠷᠡᠭ ᠶᠠᠪᠤᠳᠠᠯ ᠢ ᠢᠯᠡ ᠪᠣᠯᠭᠠᠬᠤ ᠶᠢ ᠲᠦᠯᠬᠢᠨ ᠠᠬᠢᠭᠤᠯᠤᠨ᠎ᠠ᠃ ᠰᠦᠯᠵᠢᠶᠡᠨ ᠳᠡᠭᠡᠷᠡᠬᠢ ᠡᠯ᠎ᠡ ᠲᠣᠰᠬᠤᠨ ᠲᠣᠰᠬᠤᠨ ᠤ ᠶᠠᠪᠤᠳᠠᠯ ᠤᠨ ᠲᠠᠪᠴᠠᠩ ᠤᠨ ᠬᠠᠮᠢᠶᠠᠷᠤᠯᠲᠠ ᠪᠠᠨ ᠴᠢᠩᠭᠠᠳᠬᠠᠵᠤ᠂ ᠭᠤᠷᠪᠠᠨ ᠶᠠᠪᠤᠳᠠᠯ ᠢ ᠢᠯᠡ ᠪᠣᠯᠭᠠᠬᠤ ᠲᠠᠪᠴᠠᠩ ᠤᠨ ᠲᠣᠰᠬᠤᠨ ᠤ ᠶᠠᠪᠤᠳᠠᠯ ᠢ ᠰᠢᠨᠡᠳᠬᠡᠬᠦ ᠶᠢ ᠴᠠᠭ ᠲᠤᠬᠠᠶ ᠳᠤᠨᠢ ᠪᠡᠶᠡᠯᠡᠭᠦᠯᠪᠡ᠃ ᠰᠦᠯᠵᠢᠶᠡᠨ ᠭᠠᠳᠠᠨᠠᠬᠢ ᠲᠣᠰᠬᠤᠨ ᠤ ᠳᠤᠭᠤᠶᠢᠯᠠᠩ ᠤᠨ ᠭᠤᠷᠪᠠᠨ ᠶᠠᠪᠤᠳᠠᠯ ᠢ ᠢᠯᠡ ᠪᠣᠯᠭᠠᠬᠤ ᠪᠤᠯᠤᠩ᠂ ᠲᠣᠰᠬᠤᠨ ᠤ ᠳᠤᠭᠤᠶᠢᠯᠠᠩ ᠤᠨ ᠸᠢᠴᠠᠲ ᠤᠨ ᠪᠦᠯᠦᠭ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠲᠣᠰᠬᠤᠨ ᠤ ᠠᠷᠠᠳ ᠢ ᠬᠡᠷ ᠠᠴᠠ ᠪᠠᠨ ᠭᠠᠷᠭᠠᠬᠤ ᠥᠬᠡᠶ ᠪᠥᠭᠡᠳ ᠲᠣᠰᠬᠤᠨ ᠤ ᠱᠠᠲᠤᠨ ᠤ ᠠᠵᠢᠯ ᠤᠨ ᠪᠠᠶᠢᠳᠠᠯ ᠢ ᠣᠶᠢᠯᠠᠭᠠᠵᠤ᠂ ᠥᠩᠭᠡᠷᠡᠭᠰᠡᠨ ᠤ ︽ᠭᠤᠷᠪᠠᠨ ᠶᠠᠪᠤᠳᠠᠯ︾ ᠢ ᠢᠯᠡ ᠪᠣᠯᠭᠠᠭᠰᠠᠨ ᠦᠷ᠎ᠡ ᠪᠦᠲᠦᠮᠵᠢ ᠨᠢ ᠢᠯᠡᠷᠬᠡᠶ ᠪᠢᠰᠢ᠂ ᠠᠴᠢᠶᠠᠯᠠᠪᠤᠷᠢ ᠨᠢ ᠪᠠᠶᠠᠯᠢᠭ ᠪᠤᠰᠤ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠣᠯᠠᠨ ᠲᠦᠮᠡᠨ ᠤ ᠣᠶᠢᠯᠠᠭᠠᠬᠤ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃    ᠭᠤᠣᠯᠳᠠᠯᠭ᠎ᠠ ᠶᠢ ᠠᠳᠬᠤᠨ ᠠᠭᠤᠯᠭ᠎ᠠ ᠶᠢ ᠨᠠᠷᠢᠯᠢᠭᠵᠢᠭᠤᠯᠬᠤ    ︽ᠭᠤᠷᠪᠠᠨ ᠶᠠᠪᠤᠳᠠᠯ︾ ᠢ ᠢᠯᠡ ᠪᠣᠯᠭᠠᠬᠤ ᠵᠦᠢᠯᠡᠰ ᠢ ᠨᠢᠭᠡᠳᠦᠯᠲᠡᠶ ᠭᠠᠷᠴᠠᠭ᠂ ᠠᠭᠤᠯᠭ᠎ᠠ᠂ ᠬᠡᠯᠪᠡᠷᠢ ᠶᠣᠰᠣᠭᠠᠷ ᠢᠯᠡ ᠪᠣᠯᠭᠠᠬᠤ ᠶᠢᠨ ᠬᠠᠮᠲᠤ ᠲᠠᠩᠰᠠ ᠡᠪᠬᠡᠮᠡᠯ ᠳᠤ ᠣᠷᠣᠭᠤᠯᠵᠤ᠂ ᠨᠠᠮ ᠤᠨ ᠶᠠᠪᠤᠳᠠᠯ᠂ ᠲᠣᠰᠬᠤᠨ ᠤ ᠶᠠᠪᠤᠳᠠᠯ᠂ ᠡᠳ᠋ ᠤᠨ ᠶᠠᠪᠤᠳᠠᠯ ᠤᠨ ᠬᠡᠰᠡᠭ ᠢ ᠢᠯᠭᠠᠨ ᠲᠣᠭᠲᠠᠭᠠᠨ᠎ᠠ᠃ ᠨᠠᠮ ᠤᠨ ᠠᠵᠢᠯ ᠢ ᠢᠯᠡ ᠪᠣᠯᠭᠠᠬᠤ ᠳᠤ ᠭᠤᠣᠯᠳᠠᠭᠤ ᠬᠠᠮᠲᠤ ᠶᠢᠨ ᠰᠢᠢᠳᠪᠦᠷᠢᠯᠡᠬᠦ ᠵᠦᠢᠯᠡᠰ᠂ ᠨᠠᠮ ᠤᠨ ᠭᠡᠰᠢᠭᠦᠨ ᠡᠯᠰᠡᠬᠦ᠂ ᠨᠠᠮ ᠤᠨ ᠰᠦᠢᠳᠬᠡᠯ ᠢ ᠬᠤᠷᠢᠶᠠᠨ ᠠᠪᠤᠭᠰᠠᠨ ᠪᠠᠶᠢᠳᠠᠯ ᠵᠡᠷᠭᠡ ᠶᠢ ᠢᠯᠡ ᠪᠣᠯᠭᠠᠨ᠎ᠠ︔ ᠲᠣᠰᠬᠤᠨ ᠤ ᠶᠠᠪᠤᠳᠠᠯ ᠢ ᠢᠯᠡ ᠪᠣᠯᠭᠠᠬᠤ ᠳᠤ ᠭᠤᠣᠯᠳᠠᠭᠤ ᠠᠮᠤ ᠪᠤᠳᠠᠭᠠᠨ ᠤ ᠨᠥᠬᠦᠪᠥᠷᠢ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠳ᠋ᠯᠡᠬᠦ ᠪᠠᠶᠢᠳᠠᠯ ᠪᠠ ᠠᠷᠠᠳ ᠲᠤ ᠠᠰᠢᠭ ᠬᠦᠷᠲᠡᠭᠡᠬᠦ ᠪᠤᠰᠤᠳ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠪᠠᠭᠲᠠᠭᠠᠨ᠎ᠠ︔ ᠡᠳ᠋ ᠤᠨ ᠶᠠᠪᠤᠳᠠᠯ ᠢ ᠢᠯᠡ ᠪᠣᠯᠭᠠᠬᠤ ᠳᠤ ᠭᠤᠣᠯᠳᠠᠭᠤ ᠲᠣᠰᠬᠤᠨ ᠤ ᠱᠠᠲᠤᠨ ᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠪᠠ ᠡᠳ᠋ ᠤᠨ ᠶᠠᠪᠤᠳᠠᠯ ᠤᠨ ᠰᠢᠢᠳᠪᠦᠷᠢᠲᠦ ᠪᠤᠳᠤᠯᠭ᠎ᠠ ᠶᠢᠨ ᠴᠢᠬᠤᠯᠠ ᠵᠦᠢᠯᠡᠰ ᠵᠡᠷᠭᠡ ᠶᠢ ᠵᠠᠷᠯᠠᠨ ᠨᠡᠶᠢᠲᠡᠯᠡᠵᠦ᠂ ᠢᠯᠡ ᠪᠣᠯᠭᠠᠬᠤ ᠡᠷᠴᠢᠮ ᠢᠶᠠᠨ ᠦᠨᠡᠨ ᠬᠦ ᠳᠡᠭᠡᠭᠰᠢᠯᠡᠭᠦᠯᠵᠦ᠂ ᠡᠷᠬᠡ ᠶᠢ ᠢᠯᠡ ᠪᠠᠷ ᠬᠡᠷᠡᠭᠵᠢᠭᠦᠯᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃    ᠱᠠᠯᠠᠪᠳᠠᠭᠤᠯᠤᠨ ᠪᠠᠶᠢᠴᠠᠭᠠᠵᠤ ᠵᠢᠷᠤᠮᠵᠢᠭᠤᠯᠤᠨ ᠰᠢᠯᠭᠠᠨ ᠬᠢᠨᠠᠬᠤ ᠶᠢ ᠴᠢᠩᠳᠠᠯᠠᠨ᠎ᠠ    ︽ᠭᠤᠷᠪᠠᠨ ᠶᠠᠪᠤᠳᠠᠯ︾ ᠢ ᠢᠯᠡ ᠪᠣᠯᠭᠠᠬᠤ ᠶᠢ ᠪᠠᠶᠢᠩᠭᠤᠵᠢᠭᠤᠯᠬᠤ ᠠᠵᠢᠯᠯᠠᠭᠠᠨ ᠢ ᠠᠬᠢᠭᠤᠯᠵᠤ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ ᠶᠤᠮ᠃ ᠰᠢᠶᠠᠩ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠡᠷᠡᠭ ᠤᠨ ᠡᠮᠦᠨ᠎ᠡ ᠰᠠᠨᠠᠭᠤᠯᠬᠤ᠂ ᠬᠡᠷᠡᠭ ᠤᠨ ᠳᠤᠮᠳᠠ  ᠱᠠᠯᠠᠪᠳᠠᠭᠤᠯᠬᠤ᠂ ᠬᠡᠷᠡᠭ ᠤᠨ ᠳᠠᠷᠠᠭ᠎ᠠ  ᠱᠠᠯᠠᠪᠳᠠᠭᠤᠯᠤᠨ ᠪᠠᠶᠢᠴᠠᠭᠠᠬᠤ ᠶᠢ ᠰᠠᠶᠢᠲᠤᠷ ᠠᠳᠬᠤᠵᠤ᠂ ᠲᠣᠭᠲᠠᠮᠠᠯ ᠬᠤᠭᠤᠴᠠᠭ᠎ᠠ ᠲᠠᠢ ᠪᠠᠷ ᠱᠠᠯᠠᠪᠳᠠᠭᠤᠯᠤᠨ ᠵᠢᠯᠣᠭᠤᠳᠬᠤ᠂ ᠡᠳᠦᠷ ᠲᠤᠲᠤᠮ ᠤᠨ ᠪᠠᠶᠢᠴᠠᠭᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ ᠪᠣᠯᠵᠣᠨ ᠶᠠᠷᠢᠯᠴᠠᠵᠤ ᠰᠠᠨᠠᠭᠤᠯᠬᠤ ᠶᠢᠨ ᠬᠠᠮᠲᠤ  ᠱᠠᠯᠠᠪᠳᠠᠭᠤᠯᠤᠨ ᠪᠠᠶᠢᠴᠠᠭᠠᠭᠰᠠᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠬᠦ ᠶᠢᠨ ᠬᠠᠮᠲᠤ ︽ᠭᠤᠷᠪᠠᠨ ᠶᠠᠪᠤᠳᠠᠯ︾ ᠢ ᠢᠯᠡ ᠪᠣᠯᠭᠠᠬᠤ ᠶᠢ ᠲᠣᠰᠬᠤᠨ ᠤ ᠱᠠᠲᠤᠨ ᠤ ᠵᠢᠯ ᠤᠨ ᠡᠴᠦᠰ ᠤᠨ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠴᠢᠩᠭ᠎ᠠ ᠬᠦᠴᠦᠲᠡᠶ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠪᠠᠷ ᠳᠠᠮᠵᠢᠭᠤᠯᠤᠨ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠢ ᠦᠨᠡᠨ ᠬᠦ ᠳᠥᠯᠭᠢᠨ ᠠᠬᠢᠭᠤᠯᠵᠤ᠂ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠤᠨ᠂ ᠡᠷᠬᠡ ᠪᠠᠨ ᠨᠠᠩ ᠰᠠᠶᠢᠲᠤᠷ ᠬᠡᠷᠡᠭᠵᠢᠭᠦᠯᠬᠦ ᠬᠡᠷᠡᠭᠲᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号