ᠠᠣᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠦᠷᠭᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠠ
ᠨᠡᠶᠢᠲᠡᠯᠡᠭᠰᠡᠨ ᠴᠠᠭ᠄
2023/12/29
    ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠣᠬᠠᠨ ᠬᠤᠰᠢᠭᠤᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ᠠᠣᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠲᠠᠰᠤᠯᠤᠯᠲᠠ ᠂ ᠵᠠᠰᠠᠭ ᠵᠠᠬᠢᠷᠭᠠᠨ ᠤ ᠬᠢᠨᠠᠯᠲᠠ᠂ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ ᠵᠡᠷᠭᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢ ᠴᠤᠭᠯᠠᠭᠤᠯᠤᠨ ᠮᠡᠳᠡᠭᠦᠯᠦᠨ ᠬᠦᠷᠭᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠬᠦ ᠶᠠᠰᠤ ᠴᠢᠨᠠᠷ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠣᠲᠣ ᠨᠢᠭᠡᠨᠲᠡ 89000 ᠭᠠᠷᠤᠶ ᠵᠤᠷᠪᠤᠰ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠮᠡᠳᠡᠭᠦᠯᠦᠨ ᠬᠦᠷᠭᠡᠪᠡ᠃    ᠲᠠᠷᠠᠭᠠᠴᠢ ᠶᠢᠨ ᠠᠯᠬᠤᠮ ᠳᠤ᠂ ᠠᠣᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠦᠷᠭᠦᠯᠵᠢᠯᠡᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ ᠪᠠᠷ ᠭᠠᠷᠳᠠᠴᠠ ᠪᠣᠯᠭᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠢᠭᠤᠴᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠨ᠂ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠵᠦ ᠵᠠᠷᠯᠠᠨ ᠨᠡᠶᠢᠲᠡᠯᠡᠬᠦ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠲᠡᠭᠡᠮᠵᠢ ᠶᠢᠨ ᠬᠤᠯᠪᠣᠭᠠᠯᠠᠨ ᠱᠠᠩᠨᠠᠵᠤ ᠲᠣᠷᠭᠠᠬᠤ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂  ᠠᠣᠬᠠᠨ ᠬᠤᠰᠢᠭᠤᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号