ᠠᠤᠬᠠᠨ ᠬᠤᠰᠢᠭᠤ  ᠠᠷᠠᠯᠵᠢᠶᠠᠴᠢᠨ ᠤᠷᠢᠵᠤ ᠪᠠᠯᠠ  ᠲᠠᠲᠠᠬᠤ ᠶᠠᠷᠢᠯᠴᠠᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2023/12/29
          12 ᠰᠠᠷ᠎ᠠ ᠶᠢᠨ 27 ᠤ ᠡᠳᠦᠷ᠂ ᠮᠠᠨ ᠤ ᠬᠤᠰᠢᠭᠤ ᠠᠷᠠᠯᠵᠢᠶᠠᠴᠢᠨ ᠤᠷᠢᠵᠤ ᠪᠠᠯᠠ  ᠲᠠᠲᠠᠬᠤ  ᠶᠠᠷᠢᠯᠴᠠᠬᠤ ᠬᠤᠷᠠᠯ  ᠬᠤᠷᠠᠯᠳᠤᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠢᠶ ᠺᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠧᠤ ᠵᠠᠨ ᠯᠢ ᠬᠤᠷᠠᠯ ᠢ ᠡᠷᠭᠢᠯᠡᠵᠦ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ  ᠪᠠ ᠰᠢᠨᠵᠢᠯᠡᠬᠦ ᠤᠬᠠᠭᠠᠨ ᠤ ᠲᠣᠪᠴᠢᠶ᠎ᠠ ᠪᠠ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
C:\Users\Administrator\Desktop\1_副本.jpg
    ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠬᠥᠭᠵᠢᠯᠲᠡ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠲᠣᠭᠤᠷᠢᠨ ᠳᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠂ ᠲᠦᠷᠦᠯ ᠵᠦᠢᠯ ᠢ ᠮᠡᠳᠡᠭᠦᠯᠦᠨ ᠵᠥᠪᠰᠢᠶᠡᠷᠡᠭᠦᠯᠬᠦ ᠭᠠᠷ ᠭᠦᠢᠴᠡᠳᠬᠡᠯ᠂ ᠲᠦᠷᠦ ᠶᠢᠨ ᠪᠤᠳᠤᠯᠭ᠎ᠠ ᠶᠢᠨ ᠳᠡᠮᠵᠢᠯᠭᠡ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠵᠡᠷᠭᠡ ᠲᠠᠯ᠎ᠠ ᠪᠠᠷ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠳᠤᠷᠠᠳᠤᠭᠰᠠᠨ ᠪᠥᠭᠡᠳ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃    ᠵᠧᠦ ᠵᠠᠨ ᠯᠢ ᠵᠢᠭᠠᠵᠤ ᠭᠠᠷᠭᠠᠭᠰᠠᠨ ᠨᠢ᠂ ᠠᠤᠬᠠᠨ ᠬᠤᠰᠢᠭᠤᠨ ᠤ ᠣᠷᠴᠢᠨ ᠲᠣᠭᠤᠷᠢᠨ ᠤ ᠡᠬᠢ ᠪᠠᠶᠠᠯᠢᠭ ᠡᠯᠪᠡᠭ ᠳᠡᠯᠪᠡᠭ᠂ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠪᠦᠷᠢᠨ ᠭᠦᠢᠴᠡᠳ ᠪᠠᠶᠢᠵᠤ᠂ ᠰᠠᠶᠢᠨ ᠰᠠᠶᠢᠬᠠᠨ ᠠᠵᠤ ᠦᠢᠯᠡᠰ ᠤᠨ ᠰᠠᠭᠤᠷᠢ ᠪᠠ ᠬᠦᠴᠦᠷᠬᠡᠭ ᠶᠡᠭᠡ ᠬᠥᠭᠵᠢᠯᠲᠡ ᠶᠢᠨ ᠳᠠᠯᠳᠠ ᠬᠦᠴᠦᠨ ᠲᠠᠢ ᠶᠤᠮ᠃ ᠡᠯ᠎ᠡ ᠠᠵᠤ ᠠᠬᠤᠶᠢᠯᠠᠯᠲᠠᠳ ᠠᠤᠬᠠᠨ ᠬᠤᠰᠢᠭᠤᠨ ᠳᠤ ᠬᠥᠭᠵᠢᠬᠦ ᠢᠲᠡᠭᠡᠯ ᠵᠣᠷᠢᠭ ᠢᠶᠠᠨ ᠪᠠᠲᠤᠳᠬᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ  ᠭᠡᠪᠡ᠃    ᠮᠠ ᠯᠢ ᠬᠤᠸᠠ ᠳ᠋ᠦᠩᠨᠡᠯᠲᠡ ᠶᠢᠨ ᠶᠠᠷᠢᠶᠠᠨ ᠳᠠᠭᠠᠨ᠂ ᠠᠤᠬᠠᠨ ᠬᠤᠰᠢᠭᠤ ᠨᠢ ᠲᠤᠰᠬᠠᠶ ᠠᠩᠭᠢ ᠶᠢᠨ ᠳᠤᠭᠤᠶᠢᠯᠠᠩ ᠪᠠᠶᠢᠭᠤᠯᠵᠤ᠂ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠰᠠᠭᠤᠳᠠᠯ ᠤᠨ ᠨᠠᠷᠢᠨ ᠲᠠᠩᠰᠠ ᠶᠢ ᠵᠢᠭᠰᠠᠭᠠᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠥᠨᠳᠥᠷ ᠪᠦᠲᠦᠮᠵᠢᠲᠡᠶ ᠦᠢᠯᠡᠴᠢᠯᠡᠭᠡ ᠶᠢ ᠰᠠᠶᠢᠲᠤᠷ ᠬᠢᠵᠦ᠂ ᠬᠠᠮᠤᠭ ᠤᠨ ᠰᠠᠶᠢᠨ ᠲᠥᠷᠥ ᠶᠢᠨ ᠪᠣᠳᠣᠯᠭ᠎ᠠ᠂ ᠬᠠᠮᠤᠭ ᠤᠨ ᠰᠢᠯᠢᠳᠡᠭ ᠦᠢᠯᠡᠴᠢᠯᠡᠭᠡ᠂ ᠬᠠᠮᠤᠭ ᠤᠨ ᠥᠨᠳᠥᠷ ᠦᠷ᠎ᠡ ᠪᠦᠲᠦᠮᠵᠢ ᠪᠠᠷ ᠲᠥᠷᠥᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠳᠥᠯᠭᠢᠨ ᠠᠬᠢᠭᠤᠯᠵᠤ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠦᠨᠡᠨ ᠬᠦ ᠰᠢᠢᠳᠪᠦᠷᠢᠯᠡᠨ ᠥᠭᠴᠦ᠂ ᠡᠯ᠎ᠡ ᠠᠵᠤ ᠠᠬᠤᠶᠢᠯᠠᠯ ᠢ ᠡᠷᠡᠰ ᠭᠤᠶᠢᠪᠢᠰᠢ ᠥᠬᠡᠶ ᠪᠠᠷ ᠳᠡᠮᠵᠢᠨ ᠬᠠᠪᠰᠤᠷᠴᠤ ᠪᠠᠶᠢᠭᠠᠳ ᠠᠤᠬᠠᠨ ᠬᠤᠰᠢᠭᠤᠨ ᠳᠤ ᠣᠴᠢᠭᠤᠯᠤᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠠᠶᠢᠲᠤᠷ ᠬᠢᠨ᠎ᠠ ᠭᠡᠵᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号