︽ᠠᠤᠬᠠᠨ ᠬᠤᠰᠢᠭᠤᠨ ᠤ ︿  ᠮᠥᠩᠬᠡ ᠰᠤᠪᠠᠭ ·  ᠨᠢᠭᠡ ᠰᠦᠯᠵᠢᠶ᠎ᠡ ᠪᠠᠷ ᠭᠦᠢᠴᠡᠳᠬᠡᠬᠦ﹀ ︿  ᠮᠥᠩᠬᠡ ᠰᠤᠪᠠᠭ · ᠠᠯᠠᠭᠠᠨ ᠳᠡᠭᠡᠷ᠎ᠡ ᠭᠦᠢᠴᠡᠳᠬᠡᠬᠦ﹀ ︿ᠮᠥᠩᠬᠡ ᠰᠤᠪᠠᠭ ·  ᠨᠢᠭᠡ ᠤᠳᠠᠭ᠎ᠠ ᠳᠤ ᠭᠦᠢᠴᠡᠳᠬᠡᠬᠦ﹀ ︿ᠮᠥᠩᠬᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ﹀ ᠠᠵᠢᠯ ᠤᠨ ᠬᠡᠷᠡᠭᠵᠢᠭᠦᠯᠬᠦ ᠲᠥᠰᠦᠯ ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/4
       ︽ᠠᠤᠬᠠᠨ ᠬᠤᠰᠢᠭᠤᠨ ᠤ ︿  ᠮᠥᠩᠬᠡ ᠰᠤᠪᠠᠭ ·  ᠨᠢᠭᠡ ᠰᠦᠯᠵᠢᠶ᠎ᠡ ᠪᠠᠷ ᠭᠦᠢᠴᠡᠳᠬᠡᠬᠦ﹀ ︿  ᠮᠥᠩᠬᠡ ᠰᠤᠪᠠᠭ · ᠠᠯᠠᠭᠠᠨ ᠳᠡᠭᠡᠷ᠎ᠡ ᠭᠦᠢᠴᠡᠳᠬᠡᠬᠦ﹀ ︿ᠮᠥᠩᠬᠡ ᠰᠤᠪᠠᠭ · ᠨᠢᠭᠡ ᠤᠳᠠᠭ᠎ᠠ ᠳᠤ ᠭᠦᠢᠴᠡᠳᠬᠡᠬᠦ﹀ ︿ᠮᠥᠩᠬᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ﹀ ᠠᠵᠢᠯ ᠤᠨ ᠬᠡᠷᠡᠭᠵᠢᠭᠦᠯᠬᠦ ᠲᠥᠰᠦᠯ ︾  ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ    ᠡᠨᠡ ᠵᠢᠯ᠂ ᠠᠤᠬᠠᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ︽ᠠᠤᠬᠠᠨ ᠬᠤᠰᠢᠭᠤᠨ ᠤ ︿  ᠮᠥᠩᠬᠡ ᠰᠤᠪᠠᠭ ·  ᠨᠢᠭᠡ ᠰᠦᠯᠵᠢᠶ᠎ᠡ ᠪᠠᠷ ᠭᠦᠢᠴᠡᠳᠬᠡᠬᠦ﹀ ︿  ᠮᠥᠩᠬᠡ ᠰᠤᠪᠠᠭ · ᠠᠯᠠᠭᠠᠨ ᠳᠡᠭᠡᠷ᠎ᠡ ᠭᠦᠢᠴᠡᠳᠬᠡᠬᠦ﹀ ︿ᠮᠥᠩᠬᠡ ᠰᠤᠪᠠᠭ ·  ᠨᠢᠭᠡ ᠤᠳᠠᠭ᠎ᠠ ᠳᠤ ᠭᠦᠢᠴᠡᠳᠬᠡᠬᠦ﹀ ︿ᠮᠥᠩᠬᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ﹀ ᠠᠵᠢᠯ ᠤᠨ ᠬᠡᠷᠡᠭᠵᠢᠭᠦᠯᠬᠦ ᠲᠥᠰᠦᠯ ︾ ᠢ ᠨᠡᠶᠢᠲᠡᠯᠡᠵᠦ᠂ ᠠᠤᠬᠠᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠱᠧᠩ ᠾᠧ ᠨᠥᠬᠦᠷ ︽ᠮᠥᠩᠬᠡ ᠰᠤᠪᠠᠭ · ᠳᠦᠷᠪᠡ ᠶᠢ ᠭᠦᠢᠴᠡᠳᠬᠡᠬᠦ︾ ᠠᠵᠢᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠪᠠ᠃   ᠠᠰᠠᠭᠤᠯᠲᠠ᠄ ᠲᠠ ᠶᠠᠭᠤᠨ ᠤ ᠤᠴᠢᠷ ᠠᠴᠠ ︽ᠮᠥᠩᠬᠡ ᠰᠤᠪᠠᠭ · ᠨᠢᠭᠡ ᠤᠳᠠᠭ᠎ᠠ ᠳᠤ ᠭᠦᠢᠴᠡᠳᠬᠡᠬᠦ︾  ᠲᠥᠰᠦᠯ ᠢ ᠲᠣᠭᠲᠠᠭᠠᠭᠰᠠᠨ ᠢ ᠲᠣᠪᠴᠢᠬᠠᠨ ᠶᠠᠷᠢᠨ᠎ᠠ ᠦᠦ︖    ᠬᠠᠷᠢᠭᠤᠯᠲᠠ᠄ 2020 ᠣᠨ ᠤ 9 ᠰᠠᠷ᠎ᠠ ᠶᠢᠨ 11 ᠤ ᠡᠳᠦᠷ᠂  ᠯᠢ ᠺᠧ ᠴᠢᠶᠠᠩ ᠶᠡᠷᠦᠩᠬᠡᠢ ᠰᠠᠶᠢᠳ ᠪᠦᠬᠦ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ  ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠲᠧᠯᠸᠢᠰ ᠤᠲᠠᠰᠤᠲᠤ ᠬᠤᠷᠠᠯ ᠳᠡᠭᠡᠷ᠎ᠡ᠂ ᠠᠯᠢ ᠤᠯᠠᠨ ᠬᠤᠯᠪᠣᠭᠳᠠᠯ ᠪᠦᠬᠦᠢ ᠤᠴᠢᠷ ᠶᠠᠪᠤᠳᠠᠯ ᠳᠤ ︽ᠨᠢᠭᠡ ᠶᠠᠪᠤᠳᠠᠯ ᠢ ᠨᠢᠭᠡ ᠤᠳᠠᠭ᠎ᠠ ᠳᠤ ᠰᠢᠢᠳᠪᠦᠷᠢᠯᠡᠬᠦ︾ ᠶᠢ ᠰᠦᠪᠡᠭᠴᠢᠯᠡᠨ ᠪᠡᠶᠡᠯᠡᠭᠦᠯᠵᠦ᠂ ᠠᠵᠢᠯ ᠶᠠᠪᠤᠳᠠᠯ ᠡᠷᠬᠢᠯᠡᠬᠦ ᠭᠤᠭᠴᠤᠭ᠎ᠠ ᠪᠣᠯᠤᠨ ᠬᠡᠷᠡᠭᠴᠡᠭᠡ ᠪᠦᠬᠦᠢ ᠭᠡᠷᠡᠴᠢᠯᠡᠬᠦ  ᠮᠠᠲ᠋ᠧᠷᠢᠶᠠᠯ ᠢ ᠪᠠᠭᠠᠰᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠪᠦᠬᠦ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ  ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽  ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ  ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠬᠡ ᠰᠤᠪᠠᠭ ·  ᠨᠢᠭᠡ ᠤᠳᠠᠭ᠎ᠠ ᠳᠤ ᠭᠦᠢᠴᠡᠳᠬᠡᠬᠦ﹀ ᠶᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠥᠰᠦᠯ︾ ᠢ ᠦᠨᠳᠦᠰᠦᠯᠡᠨ᠂ ︽ᠠᠤᠬᠠᠨ ᠬᠤᠰᠢᠭᠤᠨ ᠤ ︿  ᠮᠥᠩᠬᠡ ᠰᠤᠪᠠᠭ ·  ᠨᠢᠭᠡ ᠤᠳᠠᠭ᠎ᠠ ᠳᠤ ᠭᠦᠢᠴᠡᠳᠬᠡᠬᠦ﹀  ᠶᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠠᠷᠭ᠎ᠠ︾ ᠶᠢ ᠲᠣᠭᠲᠠᠭᠠᠪᠠ᠃    ᠠᠰᠠᠭᠤᠯᠲᠠ᠄ ︽  ᠮᠥᠩᠬᠡ ᠰᠤᠪᠠᠭ ·  ᠨᠢᠭᠡ ᠤᠳᠠᠭ᠎ᠠ ᠳᠤ ᠭᠦᠢᠴᠡᠳᠬᠡᠬᠦ︾ ᠨᠢ ᠠᠵᠤ ᠠᠬᠤᠶᠢᠯᠠᠯ ᠤᠨ ᠣᠯᠠᠨ ᠲᠦᠮᠡᠨ ᠳᠤ ᠬᠡᠷᠬᠢᠨ ᠲᠥᠬᠦᠮ ᠦᠵᠡᠭᠦᠯᠬᠦ ᠪᠣᠶ︖    ᠬᠠᠷᠢᠭᠤᠯᠲᠠ᠄ ᠤᠴᠢᠷ ᠶᠠᠪᠤᠳᠠᠯ ᠤᠨ ᠨᠠᠷᠢᠨ ᠳᠠᠩᠰᠠ ᠶᠢ ᠨᠢᠭᠡᠳᠦᠯᠲᠡᠶ ᠪᠠᠷ ᠡᠮᠬᠢᠯᠡᠨ ᠳᠢᠭᠯᠡᠬᠦ᠂ ᠠᠵᠢᠯ ᠶᠠᠪᠤᠳᠠᠯ ᠡᠷᠬᠢᠯᠡᠬᠦ ᠵᠦᠭᠯᠡᠭᠦᠷ ᠪᠠ ᠴᠤᠪᠤᠷᠠᠯ ᠵᠢᠷᠤᠭ ᠢ ᠨᠢᠭᠡᠳᠦᠯᠲᠡᠶ ᠪᠠᠷ ᠨᠠᠶᠢᠷᠠᠭᠤᠯᠤᠨ ᠵᠣᠬᠢᠶᠠᠵᠤ ᠨᠡᠶᠢᠲᠡᠯᠡᠬᠦ᠂ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠦᠯᠲᠡᠶ ᠪᠠᠷ ᠲᠣᠭᠲᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠨᠳᠥᠷ ᠲᠠᠪᠳᠠᠮᠵᠢᠳᠤ ᠦᠢᠯᠡᠴᠢᠯᠡᠭᠡᠨ ᠤ ᠵᠦᠢᠯᠡᠰ ᠢ ᠨᠢᠭᠡ ᠤᠳᠠᠭ᠎ᠠ ᠳᠤ ᠰᠢᠢᠳᠪᠦᠷᠢᠯᠡᠵᠦ ᠳᠠᠭᠤᠰᠬᠠᠬᠤ ᠶᠢ ᠠᠬᠢᠭᠤᠯᠵᠤ᠂ ᠤᠯᠠᠨ ᠰᠠᠯᠠᠭ᠎ᠠ ᠮᠥᠴᠢᠷ ᠤᠨ ᠭᠦᠢᠴᠡᠳᠬᠡᠭᠰᠡᠨ ︽ᠲᠠᠩ ᠭᠠᠭᠴᠠ ᠵᠦᠢᠯᠡᠰ︾ ᠢ ᠠᠵᠤ ᠠᠬᠤᠶᠢᠯᠠᠯ ᠤᠨ ᠤᠯᠠᠨ ᠲᠦᠮᠡᠨ ᠤ ᠬᠠᠷᠠᠭᠠᠨ ᠤ ︽ᠨᠢᠭᠡ ᠶᠠᠪᠤᠳᠠᠯ︾ ᠪᠣᠯᠭᠠᠵᠤ᠂ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠢᠵᠢ ᠬᠦᠰᠦᠨᠦᠭᠲᠦ ᠶᠢᠨ ᠬᠠᠭᠤᠳᠠᠰᠤ᠂ ᠨᠢᠭᠡ ᠤᠳᠠᠭ᠎ᠠ ᠳᠤ ᠬᠦᠯᠢᠶᠡᠨ ᠠᠪᠴᠤ ᠰᠢᠢᠳᠪᠦᠷᠢᠯᠡᠬᠦ᠂ ᠨᠢᠭᠡ ᠤᠳᠠᠭ᠎ᠠ ᠳᠤ ᠬᠤᠯᠪᠣᠭᠠᠯᠠᠨ ᠭᠦᠢᠴᠡᠳᠬᠡᠬᠦ᠂ ᠨᠢᠭᠡ ᠤᠳᠠᠭ᠎ᠠ ᠳᠤ ᠭᠦᠢᠴᠡᠳᠬᠡᠵᠦ ᠳᠠᠭᠤᠰᠬᠠᠬᠤ᠂ ᠨᠢᠭᠡ  ᠴᠣᠩᠬᠤᠪᠴᠢ ᠪᠠᠷ ᠦᠨᠡᠮᠯᠡᠯ ᠣᠯᠭᠤᠬᠤ︾ ᠪᠢᠲᠡᠭᠦᠦ ᠴᠠᠭᠠᠷᠢᠭ ᠢᠶᠠᠷ ᠭᠦᠢᠴᠡᠳᠬᠡᠬᠦ ᠶᠢ ᠬᠡᠷᠡᠭᠵᠢᠭᠦᠯᠬᠦ ᠪᠠᠷ ᠳᠠᠮᠵᠢᠭᠤᠯᠵᠤ᠂ ︽ᠤᠯᠠᠨ ᠲᠠᠯ᠎ᠠ ᠠᠴᠠ ᠬᠠᠮᠢᠶᠠᠷᠬᠤ︾ ᠶᠢ ︽ᠲᠥᠪᠯᠡᠷᠡᠭᠦᠯᠦᠨ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ︽ᠤᠯᠠᠨ ᠤᠳᠠᠭ᠎ᠠ ᠭᠦᠶᠦᠬᠦ︾ ᠶᠢ ︽ᠨᠢᠭᠡ ᠤᠳᠠᠭ᠎ᠠ ᠳᠤ ᠭᠦᠢᠴᠡᠳᠬᠡᠬᠦ︾ ᠪᠣᠯᠭᠠᠨ ᠬᠤᠪᠢᠷᠠᠭᠤᠯᠤᠨ᠎ᠠ᠃    ᠠᠰᠠᠭᠤᠯᠲᠠ᠄ ︽ᠮᠥᠩᠬᠡ ᠰᠤᠪᠠᠭ ·   ᠨᠢᠭᠡ ᠤᠳᠠᠭ᠎ᠠ ᠳᠤ ᠭᠦᠢᠴᠡᠳᠬᠡᠬᠦ︾ ᠬᠡᠷᠡᠭᠵᠢᠭᠦᠯᠦᠯᠲᠡ ᠶᠢ ᠬᠡᠷᠬᠢᠨ ᠠᠬᠢᠭᠤᠯᠬᠤ ᠪᠣᠶ︖    ᠬᠠᠷᠢᠭᠤᠯᠲᠠ᠄ ᠭᠤᠤᠯ ᠡᠭᠦᠷᠭᠡ ᠨᠢ᠄ ᠨᠢᠭᠡ ᠳᠤ᠂ ᠤᠴᠢᠷ ᠶᠠᠪᠤᠳᠠᠯ ᠤᠨ ᠨᠠᠷᠢᠨ ᠲᠠᠩᠰᠠ ᠶᠢ ᠨᠢᠭᠡᠳᠦᠯᠲᠡᠶ ᠡᠮᠬᠢᠯᠡᠨ ᠳᠢᠭᠯᠡᠵᠦ᠂ ᠬᠤᠰᠢᠭᠤᠨ ᠤ ᠲᠣᠰ ᠱᠠᠲᠤᠨ ᠤ ᠬᠢᠨ ᠥᠪᠡᠷᠲᠡᠭᠡᠨ ᠵᠠᠰᠠᠬᠤ ᠣᠷᠣᠨ ᠤ ᠱᠠᠭᠠᠷᠳᠠᠭᠰᠠᠨ 103  ᠵᠦᠢᠯ ᠤᠨ ︽ᠨᠢᠭᠡ ᠶᠠᠪᠤᠳᠠᠯ︾ ᠤᠨ ᠨᠠᠷᠢᠨ ᠲᠠᠩᠰᠠ ᠶᠢ ᠡᠮᠬᠢᠯᠡᠨ ᠳᠢᠭᠯᠡᠵᠦ ᠨᠡᠶᠢᠲᠡᠯᠡᠪᠡ᠃ ᠬᠤᠶᠠᠷ ᠲᠤ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠨᠢᠭᠡᠳᠦᠯᠲᠡᠶ ᠰᠢᠯᠢᠳᠡᠭᠵᠢᠭᠦᠯᠦᠨ ᠳᠠᠬᠢᠨ ᠪᠣᠶ ᠪᠣᠯᠭᠠᠨ᠎ᠠ᠄  ᠭᠦᠢᠴᠡᠳᠬᠡᠬᠦ ᠭᠤᠭᠴᠤᠭ᠎ᠠ ᠶᠢ ᠡᠮᠬᠢᠯᠡᠨ ᠳᠢᠭᠯᠡᠵᠦ᠂ ᠮᠠᠲ᠋ᠧᠷᠢᠶᠠᠯ ᠢ ᠴᠣᠮᠬᠠᠳᠬᠠᠨ᠂ ᠴᠤᠪᠤᠷᠠᠯ ᠢ ᠪᠠᠭᠠᠰᠬᠠᠵᠤ᠂ ᠴᠠᠭ ᠤᠨ ᠬᠢᠵᠠᠭᠠᠷ ᠢ ᠪᠠᠭᠠᠰᠬᠠᠨ᠂ ᠴᠤᠪᠤᠷᠠᠯ ᠵᠢᠷᠤᠭ ᠢ ᠨᠢᠭᠡᠳᠦᠯᠲᠡᠶ ᠪᠦᠷᠢᠯᠳᠦᠭᠦᠯᠦᠨ᠎ᠡ᠃ ᠭᠤᠷᠪᠠ ᠳᠤ ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠨᠢᠭᠡᠳᠦᠯᠲᠡᠶ ᠨᠠᠶᠢᠷᠠᠭᠤᠯᠤᠨ ᠵᠣᠬᠢᠶᠠᠵᠤ ᠨᠡᠶᠢᠲᠡᠯᠡᠨ᠎ᠡ᠄ ᠠᠵᠤ ᠠᠬᠤᠶᠢᠯᠠᠯ ᠤᠨ ᠣᠯᠠᠨ ᠲᠦᠮᠡᠨ ᠤ ᠪᠠᠶᠢᠴᠠᠭᠠᠨ ᠯᠠᠪᠯᠠᠵᠤ ᠰᠢᠢᠳᠪᠦᠷᠢᠯᠡᠬᠦ ᠳᠤ ᠬᠠᠮᠤᠭ ᠤᠨ ᠶᠡᠭᠡ ᠲᠥᠬᠦᠮ ᠦᠵᠡᠭᠦᠯᠦᠨ᠎ᠡ᠃ ᠳᠥᠷᠪᠡ ᠳᠤ᠂ ᠰᠦᠯᠵᠢᠶᠡᠨ ᠠᠴᠠ ᠭᠠᠳᠠᠭᠤᠷᠬᠢ ᠶᠡᠷᠦᠩᠬᠡᠶᠢᠯᠡᠭᠰᠡᠨ ᠴᠣᠩᠬᠤᠪᠴᠢ ᠶᠢ ᠨᠢᠭᠡᠳᠦᠯᠲᠡᠶ ᠲᠣᠬᠢᠷᠠᠭᠤᠯᠤᠨ᠎ᠠ᠄ ︽ᠣᠯᠠᠨ ᠤᠳᠠᠭ᠎ᠠ ᠭᠦᠶᠦᠬᠦ︾ ᠶᠢ ︽ᠨᠢᠭᠡ  ᠴᠣᠩᠬᠤᠪᠴᠢ︾  ᠳᠤ ᠡᠷᠢᠬᠦ ᠪᠣᠯᠭᠠᠨ ᠬᠤᠪᠢᠷᠠᠭᠤᠯᠤᠨ᠎ᠠ᠃ ᠲᠠᠪᠤ ᠳᠤ ᠂ ᠰᠦᠯᠵᠢᠶᠡᠨ ᠳᠡᠭᠡᠷᠡᠬᠢ ᠲᠤᠰᠬᠠᠶ ᠪᠤᠯᠤᠩ ᠢ ᠨᠢᠭᠡᠳᠦᠯᠲᠡᠶ ᠲᠣᠬᠢᠷᠠᠭᠤᠯᠤᠨ᠎ᠠ᠄ ᠰᠦᠯᠵᠢᠶᠡᠨ ᠳᠡᠭᠡᠷ᠎ᠡ ᠠᠵᠢᠯ ᠶᠠᠪᠤᠳᠠᠯ ᠰᠢᠢᠳᠪᠦᠷᠢᠯᠡᠬᠦ ᠶᠢ ᠪᠠᠶᠢᠴᠠᠭᠠᠨ ᠯᠠᠪᠯᠠᠬᠤ  ᠦᠢᠯᠡᠴᠢᠯᠡᠭᠡ ᠬᠠᠩᠭᠠᠨ᠎ᠠ᠃ ᠵᠢᠷᠭᠤᠭ᠎ᠠ ᠳᠤ᠂ ᠲᠤᠰᠬᠠᠶ ᠮᠡᠷᠭᠡᠵᠢᠯ ᠤᠨ ᠡᠩᠨᠡᠭᠡ ᠶᠢ ᠨᠢᠭᠡᠳᠦᠯᠲᠡᠶ ᠵᠣᠬᠢᠶᠠᠨ ᠪᠠᠶᠢᠭᠤᠯᠤᠨ᠎ᠠ᠄ ᠲᠤᠰᠬᠠᠶ ᠬᠥᠮᠦᠨ ᠤ ᠪᠥᠬᠦ ᠶᠠᠪᠤᠴᠠ ᠪᠠᠷ ᠮᠥᠷᠳᠡᠨ  ᠦᠢᠯᠡᠴᠢᠯᠡᠬᠦ ᠶᠢ ᠬᠡᠷᠡᠭᠵᠢᠭᠦᠯᠦᠨ᠎ᠡ᠃    ᠠᠰᠠᠭᠤᠯᠲᠠ᠄ ᠶᠠᠭᠤ ᠶᠢ ︽  ᠮᠥᠩᠬᠡ ᠰᠤᠪᠠᠭ · ᠲᠠᠨ  ᠢ ᠬᠠᠪᠰᠤᠷᠤᠨ ᠭᠦᠢᠴᠡᠳᠬᠡᠬᠦ︾ ᠭᠡᠬᠦ ᠪᠣᠶ︖ ᠶᠠᠭᠤᠨ ᠤ ᠤᠴᠢᠷ ᠠᠴᠠ ︽ᠮᠥᠩᠬᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ︾ ᠲᠥᠰᠦᠯ ᠢ ᠲᠣᠭᠲᠠᠭᠠᠭᠰᠠᠨ ᠪᠣᠶ︖    ᠬᠠᠷᠢᠭᠤᠯᠲᠠ᠄ ︽  ᠮᠥᠩᠬᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ︾ ᠪᠣᠯ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠲᠦᠰᠢᠭᠯᠡᠨ᠂ ᠣᠷᠣᠯᠠᠨ ᠭᠦᠢᠴᠡᠳᠬᠡᠭᠴᠢ ᠠᠴᠠ ᠭᠤᠤᠯᠳᠠᠯᠭ᠎ᠠ ᠲᠠᠢ ᠲᠥᠷᠥᠯ  ᠵᠦᠢᠯ ᠤᠨ ᠭᠤᠶᠤᠴᠢᠯᠠᠭᠴᠢ ᠳᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠵᠣᠬᠢᠴᠠᠭᠤᠯᠤᠨ ᠠᠬᠢᠭᠤᠯᠬᠤ᠂ ᠬᠠᠮᠵᠢᠯᠴᠠᠨ ᠭᠦᠢᠴᠡᠳᠬᠡᠬᠦ ᠵᠡᠷᠭᠡ ᠲᠥᠯᠥᠪᠦᠷᠢ ᠥᠬᠡᠶ  ᠦᠢᠯᠡᠴᠢᠯᠡᠭᠡ ᠬᠠᠩᠭᠠᠵᠤ᠂ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠦᠨ᠂ ︽ᠠᠵᠤ ᠠᠬᠤᠶᠢᠯᠠᠯ ᠤᠨ ᠭᠦᠶᠦᠯᠲᠡ︾ ᠶᠢ ︽ᠵᠠᠰᠠᠭ ᠤᠨ ᠣᠷᠳᠣᠨ ᠤ ᠭᠦᠶᠦᠯᠲᠡ︾ ᠪᠣᠯᠭᠠᠨ ᠬᠤᠪᠢᠷᠠᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠲᠥᠷᠥᠯ ᠵᠦᠢᠯ ᠢ ᠡᠷᠲᠡ ᠲᠣᠭᠲᠠᠭᠠᠬᠤ᠂ ᠡᠷᠲᠡ ᠠᠵᠢᠯ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃    ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠪᠣᠭᠤᠮᠢ ᠶᠢ ᠪᠦᠲᠦᠮᠵᠢᠲᠡᠶ  ᠰᠢᠢᠳᠪᠦᠷᠢᠯᠡᠵᠦ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠣᠯᠤᠨ ᠭᠤᠶᠤᠴᠢᠯᠠᠭᠴᠢ ᠶᠢᠨ ᠬᠤᠭᠤᠷᠣᠨᠳᠣᠬᠢ ᠵᠠᠪᠰᠠᠷ ᠥᠬᠡᠶ ᠵᠣᠯᠭᠠᠯᠴᠠᠭ᠎ᠠ ᠶᠢ ᠪᠡᠶᠡᠯᠡᠭᠦᠯᠦᠨ᠂ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠤᠰᠢᠭᠤᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠬᠠᠳᠠ ᠬᠤᠲᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ︽ᠠᠤᠬᠠᠨ ᠬᠤᠰᠢᠭᠤᠨ ᠤ ︿ᠮᠥᠩᠬᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ﹀ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ︾ ᠢ ᠲᠣᠭᠲᠠᠭᠠᠪᠠ᠃    ᠠᠰᠠᠭᠤᠯᠲᠠ᠄ ︽ᠮᠥᠩᠬᠡ ᠰᠤᠪᠠᠭ  · ᠲᠠᠨ ᠢ ᠬᠠᠪᠰᠤᠷᠤᠨ ᠭᠦᠢᠴᠡᠳᠬᠡᠬᠦ︾ ᠠᠵᠢᠯ ᠢ ᠬᠠᠮᠢᠭ᠎ᠠ ᠥᠷᠨᠢᠭᠦᠯᠬᠦ ᠪᠣᠶ︖ ᠶᠠᠮᠠᠷ ᠶᠠᠮᠠᠷ ᠵᠦᠢᠯᠡᠰ ᠢ ᠪᠣᠳᠠᠲᠠᠶ ᠪᠠᠷ ᠣᠷᠣᠯᠠᠨ ᠭᠦᠢᠴᠡᠳᠬᠡᠬᠦ ᠪᠠ ᠬᠠᠪᠰᠤᠷᠤᠨ ᠡᠷᠬᠢᠯᠡᠬᠦ ᠪᠤᠢ︖    ᠬᠠᠷᠢᠭᠤᠯᠲᠠ᠄ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠪᠠᠯᠠ ᠣᠷᠣᠭᠤᠯᠤᠯᠲᠠ ᠶᠢᠨ ᠲᠥᠷᠥᠯ  ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ  ᠭᠦᠢᠴᠡᠳᠬᠡᠬᠦ  ᠦᠢᠯᠡᠴᠢᠯᠡᠭᠡ  ᠶᠢ ᠬᠡᠷᠡᠭᠵᠢᠭᠦᠯᠵᠦ᠂ ︽  ᠮᠥᠩᠬᠡ ᠰᠤᠪᠠᠭ · ᠲᠠᠨ ᠢ ᠬᠠᠪᠰᠤᠷᠤᠨ  ᠭᠦᠢᠴᠡᠳᠬᠡᠬᠦ︾ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠬᠤᠰᠢᠭᠤᠨ ᠤ ᠲᠣᠰ ᠱᠠᠲᠤ ᠵᠢᠴᠢ ᠬᠤᠰᠢᠭᠤᠨ ᠱᠠᠲᠤᠨ ᠠᠴᠠ ᠳᠡᠭᠡᠭᠰᠢᠬᠢ ᠲᠣᠭᠲᠠᠭᠠᠭᠰᠠᠨ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠭᠤᠤᠯᠳᠠᠯᠭ᠎ᠠ ᠲᠠᠢ ᠲᠥᠷᠥᠯ ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠶᠢ ᠭᠤᠤᠯᠳᠠᠯᠭ᠎ᠠ ᠲᠠᠢ ᠬᠠᠷᠢᠭᠤᠴᠠᠵᠤ᠂ ᠭᠤᠤᠯᠳᠠᠯᠭ᠎ᠠ ᠲᠠᠢ ᠲᠥᠷᠥᠯ  ᠵᠦᠢᠯ ᠪᠠ ᠬᠤᠰᠢᠭᠤᠨ ᠤ ᠵᠠᠰᠠᠭ ᠤᠨ ᠣᠷᠳᠣᠨ ᠤ ᠲᠤᠰᠢᠶᠠᠭᠰᠠᠨ ᠡᠯ᠎ᠡ ᠲᠥᠷᠥᠯ ᠤᠨ ᠪᠠᠯᠠ ᠣᠷᠣᠭᠤᠯᠤᠯᠲᠠ ᠶᠢᠨ ᠲᠥᠷᠥᠯ  ᠵᠦᠢᠯ ᠤᠨ ᠣᠷᠣᠯᠠᠨ  ᠭᠦᠢᠴᠡᠳᠬᠡᠬᠦ ᠬᠠᠪᠰᠤᠷᠤᠨ  ᠭᠦᠢᠴᠡᠳᠬᠡᠬᠦ ᠶᠢ ᠬᠠᠷᠢᠭᠤᠴᠠᠨ᠎ᠠ᠃    ᠠᠰᠠᠭᠤᠯᠲᠠ᠄ ︽  ᠮᠥᠩᠬᠡ ᠰᠤᠪᠠᠭ · ᠲᠠᠨ ᠢ ᠬᠠᠪᠰᠤᠷᠤᠨ  ᠭᠦᠢᠴᠡᠳᠬᠡᠬᠦ︾ ᠨᠢ ᠶᠠᠮᠠᠷ ᠶᠠᠮᠠᠷ ᠭᠢᠯᠠᠰ ᠴᠡᠭ ᠲᠠᠢ ᠣᠨᠴᠠᠯᠢᠭ ᠲᠠᠢ ᠪᠣᠶ︖    ᠬᠠᠷᠢᠭᠤᠯᠲᠠ᠄ ᠨᠢᠭᠡ ᠳᠤ ᠂ ᠭᠤᠤᠯᠳᠠᠯᠭ᠎ᠠ ᠶᠢ ᠳᠣᠪᠤᠶᠢᠯᠭᠠᠵᠤ᠂ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠬᠤ ᠬᠡᠷᠡᠭᠲᠡᠶ᠃ ᠭᠤᠣᠯᠳᠠᠭᠤ ᠪᠡᠯᠡ ᠣᠷᠣᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠬᠦᠷᠢᠶ᠎ᠡ ᠪᠠᠷ ᠭᠤᠣᠯᠯᠠᠭᠤᠯᠤᠨ᠂ ᠬᠦᠷᠢᠶ᠎ᠡ ᠶᠢ ᠨᠡᠩ ᠪᠣᠳᠠᠲᠠᠶ᠂ ᠠᠵᠢᠯ ᠤᠨ ᠠᠷᠭ᠎ᠠ ᠬᠡᠮᠵᠢᠶ᠎ᠡ ᠶᠢ ᠨᠡᠩ ᠨᠠᠷᠢᠯᠢᠭ ᠨᠡᠩ ᠪᠣᠳᠠᠲᠠᠶ ᠪᠣᠯᠭᠠᠬᠤ ᠳᠤ ᠴᠢᠭᠯᠡᠭᠦᠯᠦᠨ᠂ 12 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃    ᠬᠤᠶᠠᠷ ᠲᠤ ᠂ ᠠᠷᠭ᠎ᠠ ᠬᠡᠯᠪᠡᠷᠢ ᠪᠠᠷ ᠡᠯᠪᠡᠭ ᠪᠠᠶᠠᠯᠢᠭ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠨ᠎ᠡ᠃ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ  ᠭᠦᠢᠴᠡᠳᠬᠡᠬᠦ ᠬᠠᠪᠰᠤᠷᠤᠨ   ᠭᠦᠢᠴᠡᠳᠬᠡᠬᠦ ᠦᠢᠯᠡᠴᠢᠯᠡᠭᠡ ᠳᠤ ︽ᠱᠠᠲᠤ ᠬᠤᠪᠢᠶᠠᠨ  ᠭᠦᠢᠴᠡᠳᠬᠡᠬᠦ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡ ᠳᠤᠨᠢ ᠶᠠᠪᠤᠭᠳᠠᠭᠤᠯᠬᠤ︾ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ ᠰᠦᠯᠵᠢᠶᠡᠨ ᠭᠠᠳᠠᠨᠠᠬᠢ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠶᠡᠭᠡ ᠲᠢᠩᠬᠢᠮ ᠳᠤ ᠲᠦᠰᠢᠭᠯᠡᠨ ︽ᠲᠠᠨ ᠢ ᠬᠠᠪᠰᠤᠷᠤᠨ ᠭᠦᠢᠴᠡᠳᠬᠡᠬᠦ︾  ᠴᠤᠩᠬᠤᠪᠴᠢ ᠭᠠᠷᠭᠠᠵᠤ᠂ ᠰᠦᠯᠵᠢᠶᠡᠨ ᠳᠡᠭᠡᠷ᠎ᠡ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ︽  ᠮᠥᠩᠬᠡ ᠰᠤᠪᠠᠭ︾ ᠤᠨ ᠰᠢᠯᠵᠢᠮᠡᠯ ᠦᠵᠦᠭᠦᠷ ᠲᠤ ᠲᠦᠰᠢᠭᠯᠡᠨ᠂ 12345 ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠬᠠᠯᠠᠮᠰᠢᠯ ᠤᠲᠠᠰᠤᠨ ᠳᠤ ︽ᠲᠠᠨ ᠢ ᠬᠠᠪᠰᠤᠷᠤᠨ ᠭᠦᠢᠴᠡᠳᠬᠡᠬᠦ︾ ᠲᠤᠰᠬᠠᠶ ᠪᠤᠯᠤᠩ ᠭᠠᠷᠭᠠᠵᠤ᠂ ᠭᠤᠶᠤᠴᠢᠯᠠᠭᠴᠢ ᠳᠤ ᠠᠰᠠᠭᠤᠨ ᠯᠠᠪᠯᠠᠬᠤ᠂ ᠵᠢᠭᠠᠨ ᠵᠢᠯᠣᠭᠤᠳᠬᠤ᠂ ᠵᠣᠬᠢᠴᠠᠭᠤᠯᠬᠤ ᠪᠠ ᠳᠠᠭᠠᠭᠤᠯᠤᠨ  ᠭᠦᠢᠴᠡᠳᠬᠡᠬᠦ ᠵᠡᠷᠭᠡ  ᠰᠦᠢᠳᠬᠡᠯ ᠬᠤᠷᠢᠶᠠᠬᠤ ᠥᠬᠡᠶ  ᠦᠢᠯᠡᠴᠢᠯᠡᠭᠡ ᠶᠢ ᠪᠥᠬᠦ ᠲᠠᠯ᠎ᠠ ᠪᠠᠷ ᠬᠠᠩᠭᠠᠨ᠎ᠠ᠃    ᠭᠤᠷᠪᠠ ᠳᠤ ᠂ ᠨᠢᠭᠡᠳᠦᠯᠲᠡᠶ ᠪᠥᠭᠡᠳ ᠵᠢᠷᠤᠮᠵᠢᠭᠤᠨ᠂ ᠪᠠᠷᠢᠮᠵᠢᠶᠠᠵᠢᠭᠤᠯᠤᠯᠲᠠ ᠪᠠᠷ ᠴᠢᠩᠭ᠎ᠠ ᠪᠠᠶᠢᠬᠤ ᠬᠡᠷᠡᠭᠲᠡᠶ ᠃ 22 ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠵᠦᠢᠯᠡᠰ ᠢ ᠨᠢᠭᠡᠳᠦᠯᠲᠡᠢ ᠡᠮᠬᠢᠯᠡᠨ ᠨᠡᠶᠢᠲᠡᠯᠡᠵᠦ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠴᠤᠪᠤᠷᠠᠯ ᠢ ᠵᠢᠷᠤᠮᠵᠢᠭᠤᠯᠵᠤ᠂ ᠴᠤᠪᠤᠷᠠᠯ ᠵᠢᠷᠤᠭ ᠤᠨ ᠵᠢᠱᠢᠶ᠎ᠡ ᠦᠵᠡᠭᠦᠯᠬᠦ ᠲᠣᠪᠬᠢᠮᠠᠯ᠂ ᠭᠤᠶᠤᠴᠢᠯᠠᠯ ᠤᠨ ᠬᠦᠰᠦᠨᠦᠭᠲᠦ᠂ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ᠂ ᠠᠮᠠᠯᠠᠯᠲᠠ ᠶᠢᠨ ᠪᠢᠴᠢᠭ᠂ ᠭᠦᠢᠴᠡᠳᠬᠡᠵᠦ ᠳᠠᠭᠤᠰᠬᠠᠬᠤ ᠬᠠᠭᠤᠳᠠᠰᠤ᠂ ᠦᠨᠡᠯᠡᠬᠦ ᠬᠦᠰᠦᠨᠦᠭᠲᠦ᠂ ᠳᠠᠭᠤᠰᠬᠠᠬᠤ ᠬᠠᠭᠤᠳᠠᠰᠤ ᠵᠡᠷᠭᠡ ᠶᠢ ᠮᠠᠲ᠋ᠧᠷᠢᠶᠠᠯ ᠤᠨ ᠳᠠᠭᠠᠤ ᠳᠠᠷᠤᠮᠠᠯᠯᠠᠨ ᠲᠠᠷᠬᠠᠭᠠᠵᠤ᠂ ᠭᠤᠶᠤᠴᠢᠯᠠᠬᠤ ᠠᠴᠠ ᠠᠪᠤᠭᠠᠳ ᠭᠦᠢᠴᠡᠳᠬᠡᠵᠦ ᠳᠠᠭᠤᠰᠬᠠᠬᠤ ᠬᠦᠷᠲᠡᠯᠡᠬᠢ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠪᠦᠬᠦ ᠴᠤᠪᠤᠷᠠᠯ ᠢ ᠬᠠᠮᠤᠷᠴᠤ᠂ ᠵᠦᠢᠯᠡᠰ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ  ᠨᠡᠮᠡᠷᠢᠯᠡᠨ᠎ᠡ᠃    ᠠᠰᠠᠭᠤᠯᠲᠠ᠄ ︽  ᠮᠥᠩᠬᠡ ᠰᠤᠪᠠᠭ · ᠲᠠᠨ ᠢ ᠬᠠᠪᠰᠤᠷᠤᠨ  ᠭᠦᠢᠴᠡᠳᠬᠡᠬᠦ︾ ᠠᠵᠢᠯ ᠢ ᠬᠡᠷᠬᠢᠨ ᠠᠬᠢᠭᠤᠯᠬᠤ ᠪᠣᠶ︖    ᠬᠠᠷᠢᠭᠤᠯᠲᠠ᠄ ᠨᠢᠭᠡ ᠳᠤ ᠂ ᠴᠠᠭ ᠤᠨ ᠬᠦᠰᠦᠨᠦᠭᠲᠦ ᠶᠢ ᠲᠣᠳᠣᠷᠬᠠᠶ ᠪᠣᠯᠭᠠᠨ᠎ᠠ᠃ 2021 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ︽ᠲᠠᠨ ᠢ ᠬᠠᠪᠰᠤᠷᠤᠨ ᠭᠦᠢᠴᠡᠳᠬᠡᠬᠦ︾ ᠴᠣᠩᠬᠤᠪᠴᠢ ᠪᠠ ᠰᠦᠯᠵᠢᠶᠡᠨ ᠳᠡᠭᠡᠷᠡᠬᠢ ᠲᠤᠰᠬᠠᠶ ᠪᠤᠯᠤᠩ ᠭᠠᠷᠭᠠᠵᠤ᠂ ᠲᠤᠰᠬᠠᠶ ᠮᠡᠷᠭᠡᠵᠢᠯ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠡᠩᠨᠡᠭᠡ ᠶᠢ ᠵᠣᠬᠢᠶᠠᠨ ᠪᠠᠶᠢᠭᠤᠯᠵᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ  ᠦᠢᠯᠡᠴᠢᠯᠡᠭᠡᠨ ᠤ ᠬᠡᠪᠴᠢᠶ᠎ᠡ᠂ ᠡᠭᠦᠷᠭᠡ ᠬᠠᠷᠢᠭᠤᠴᠠᠯᠭ᠎ᠠ ᠵᠢᠴᠢ ᠴᠤᠪᠤᠷᠠᠯ ᠢ ᠨᠠᠷᠢᠯᠢᠬᠵᠢᠭᠤᠯᠵᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ  ᠵᠦᠢᠯᠡᠰ ᠤᠨ ᠨᠠᠷᠢᠨ ᠲᠠᠩᠰᠠ ᠶᠢ  ᠨᠡᠶᠢᠳᠡᠯᠡᠪᠡ᠃ 2021 ᠣᠨ ᠤ 8 ᠰᠠᠷ᠎ᠠ ᠶᠢᠨ ᠰᠡᠭᠦᠯᠴᠢ ᠠᠴᠠ ᠡᠮᠦᠨ᠎ᠡ᠂ ︽ᠭᠤᠯᠳᠤ ᠪᠠᠷ ᠭᠤᠷᠪᠠᠨ ᠱᠠᠲᠤ ᠪᠠᠷ ᠬᠤᠯᠪᠣᠭᠠᠯᠠᠨ ᠬᠥᠳᠡᠯᠦᠯᠴᠡᠬᠦ᠂ ᠬᠥᠨᠳᠡᠯᠡᠨ ᠢᠶᠠᠷ ᠰᠠᠯᠠᠭ᠎ᠠ ᠮᠥᠴᠢᠷ ᠬᠠᠮᠵᠢᠯᠴᠠᠬᠤ︾ ᠪᠠᠯᠠ ᠣᠷᠣᠭᠤᠯᠤᠯᠲᠠ ᠶᠢᠨ ᠲᠥᠷᠥᠯ  ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠠᠵᠢᠯ ᠤᠨ ᠪᠠᠶᠢᠷᠢᠰᠢᠯ ᠢ ᠦᠨᠳᠦᠰᠦᠨ ᠳᠡᠭᠡᠨ  ᠪᠦᠷᠢᠯᠳᠦᠭᠦᠯᠪᠡ᠃    ᠬᠤᠶᠠᠷ ᠲᠤ ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠎ᠠ᠃  ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠲᠣᠭᠲᠠᠭᠠᠬᠤ᠂ ᠨᠡᠶᠢᠲᠡᠯᠡᠬᠦ  ᠵᠦᠢᠯᠡᠰ ᠢ ᠡᠮᠬᠢᠯᠡᠨ ᠳᠢᠭᠯᠡᠬᠦ᠂ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠬᠤ᠂ ᠦᠢᠯᠡᠴᠢᠯᠡᠭᠡᠨ ᠤ ᠠᠷᠭ᠎ᠠ ᠮᠠᠶ᠋ᠢᠭ ᠢ ᠥᠷᠭᠡᠳᠬᠡᠬᠦ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠵᠢᠷᠤᠮᠵᠢᠭᠤᠯᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠭᠦᠢᠴᠡᠳᠬᠡᠬᠦ᠂ ᠬᠢᠨᠠᠯᠲᠠ ᠲᠠᠯᠪᠢᠵᠤ ᠰᠢᠯᠭᠠᠨ ᠦᠨᠡᠯᠡᠬᠦ ᠶᠢ ᠴᠢᠩᠭᠠᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ︽  ᠮᠥᠩᠬᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ︾ ᠠᠵᠢᠯ ᠤᠨ ᠨᠠᠶᠢᠳᠠᠪᠤᠷᠢᠵᠢᠭᠤᠯᠤᠯᠲᠠ ᠶᠢ ᠳᠥᠯᠭᠢᠨ ᠠᠬᠢᠭᠤᠯᠤᠨ᠎ᠠ᠃    ᠠᠰᠠᠭᠤᠯᠲᠠ᠄ ᠲᠠ ᠶᠠᠭᠤᠨ ᠤ ᠤᠴᠢᠷ ᠠᠴᠠ ︽  ᠮᠥᠩᠬᠡ ᠰᠤᠪᠠᠭ · ᠨᠢᠭᠡ ᠰᠦᠯᠵᠢᠶ᠎ᠡ ᠪᠠᠷ ᠭᠦᠢᠴᠡᠳᠬᠡᠬᠦ︾ ᠲᠥᠰᠦᠯ ᠢ ᠲᠣᠭᠲᠠᠭᠠᠭᠰᠠᠨ ᠪᠣᠶ︖    ᠬᠠᠷᠢᠭᠤᠯᠲᠠ᠄ ᠮᠡᠳᠡᠭᠡ ᠵᠠᠩᠭᠢ ᠶᠢᠨ ᠮᠡᠷᠭᠡᠵᠢᠯ ᠤᠨ ᠲᠣᠭᠠᠴᠢᠯᠠᠯᠲᠠ᠂ ᠰᠦᠯᠵᠢᠶᠡᠵᠢᠯᠲᠡ᠂ ᠤᠶᠤᠨᠴᠢᠯᠠᠯᠳᠠ ᠶᠢᠨ ᠬᠥᠭᠵᠢᠯᠲᠡ ᠶᠢ ᠳᠠᠭᠠᠯᠳᠤᠨ᠂ ᠣᠯᠠᠨ ᠲᠦᠮᠡᠨ ᠤ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠠᠷᠭ᠎ᠠ ᠮᠠᠶ᠋ᠢᠭ ᠲᠤ ᠴᠤ ᠮᠠᠰᠢ ᠶᠡᠭᠡ ᠬᠤᠪᠢᠷᠠᠯᠲᠠ ᠭᠠᠷᠴᠤ᠂  ᠦᠢᠯᠡᠴᠢᠯᠡᠭᠡᠨ ᠤ ᠬᠡᠯᠪᠡᠷᠢ ᠨᠢ ᠨᠠᠩ ᠣᠯᠠᠨ ᠡᠰᠢᠵᠢᠯᠲᠡ᠂ ᠳᠥᠭᠦᠮᠵᠢᠯᠲᠡ᠂ ᠣᠶᠤᠨᠴᠢᠯᠠᠯᠲᠠ ᠲᠠᠢ ᠪᠣᠯᠤᠭᠰᠠᠨ ᠪᠠᠶᠢᠨ᠎ᠠ᠃ ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ  ᠦᠢᠯᠡᠴᠢᠯᠡᠭᠡ︾ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠠᠷᠠᠳ ᠣᠯᠠᠨ ᠳᠤ ᠢᠨᠲ᠋ᠧᠷ ᠰᠦᠯᠵᠢᠶᠡᠨ ᠤ ᠬᠥᠭᠵᠢᠯᠲᠡ ᠶᠢᠨ ᠦᠷ᠎ᠡ ᠪᠦᠲᠦᠭᠡᠯ ᠢ ᠨᠠᠩ ᠰᠠᠶᠢᠨ ᠡᠳ᠋ᠯᠡᠭᠦᠯᠵᠦ᠂ ︽ᠠᠤᠬᠠᠨ ᠬᠤᠰᠢᠭᠤᠨ ᠤ ︿  ᠮᠥᠩᠬᠡ ᠰᠤᠪᠠᠭ ·  ᠨᠢᠭᠡ ᠰᠦᠯᠵᠢᠶ᠎ᠡ ᠪᠠᠷ ᠭᠦᠢᠴᠡᠳᠬᠡᠬᠦ﹀  ᠶᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ‍ᠤᠨ‌‍ᠲ᠋ᠥ᠋ᠰᠦᠯ︾ ᠢ ᠲᠣᠭᠲᠠᠭᠠᠪᠠ᠃    ᠠᠰᠠᠭᠤᠯᠲᠠ᠄ ︽  ᠮᠥᠩᠬᠡ ᠰᠤᠪᠠᠭ ·  ᠨᠢᠭᠡ ᠰᠦᠯᠵᠢᠶ᠎ᠡ ᠪᠠᠷ ᠭᠦᠢᠴᠡᠳᠬᠡᠬᠦ︾ ᠨᠢ ᠠᠵᠤ ᠠᠬᠤᠶᠢᠯᠠᠯ ᠣᠯᠠᠨ ᠲᠦᠮᠡᠨ ᠳᠤ ᠬᠡᠷᠬᠢᠨ ᠲᠥᠬᠦᠮ ᠦᠵᠡᠭᠦᠯᠬᠦ ᠪᠣᠶ︖    ᠬᠠᠷᠢᠭᠤᠯᠲᠠ᠄ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ  ᠰᠢᠢᠳᠪᠦᠷᠢᠯᠡᠬᠦ ᠳᠤ ︽ᠣᠯᠠᠨ ᠰᠠᠯᠠᠭ᠎ᠠ ᠮᠥᠴᠢᠷ︾ ᠠᠴᠠ ︽ᠨᠢᠭᠡ ᠰᠠᠯᠠᠭ᠎ᠠ ᠮᠥᠴᠢᠷ︾ ᠳᠠᠰᠢ ᠬᠤᠪᠢᠷᠠᠭᠤᠯᠬᠤ᠂ ︽ᠣᠯᠠᠨ ᠴᠤᠩᠬᠤᠪᠴᠢ︾ ᠠᠴᠠ ︽ᠨᠢᠭᠡ ᠴᠤᠩᠬᠤᠪᠴᠢ︾ ᠳᠠᠰᠢ ᠬᠤᠪᠢᠷᠠᠭᠤᠯᠬᠤ᠂ ︽ᠰᠠᠯᠠᠭ᠎ᠠ ᠮᠥᠴᠢᠷ ᠡᠷᠢᠬᠦ︾ ᠠᠴᠠ ︽ᠵᠠᠰᠠᠭ ᠤᠨ ᠣᠷᠳᠣᠨ ᠡᠷᠢᠬᠦ︾ ᠳᠠᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ ᠰᠦᠯᠵᠢᠶᠡᠨ ᠳᠡᠭᠡᠷ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ᠂ ᠰᠦᠯᠵᠢᠶᠡᠨ ᠳᠡᠭᠡᠷ᠎ᠡ  ᠭᠦᠢᠴᠡᠳᠬᠡᠬᠦ ᠳᠤ ᠬᠢᠯᠪᠠᠷ᠂ ᠰᠦᠯᠵᠢᠶᠡᠨ ᠳᠡᠭᠡᠷ᠎ᠡ ᠭᠦᠢᠴᠡᠳᠬᠡᠬᠦ ᠳᠤ ᠠᠮᠠᠷᠬᠠᠨ ᠪᠠᠶᠢᠬᠤ ᠶᠢ ᠪᠡᠶᠡᠯᠡᠭᠦᠯᠵᠦ᠂ ᠰᠦᠯᠵᠢᠶᠡᠨ ᠭᠠᠳᠠᠨᠠᠬᠢ ᠡᠯ᠎ᠡ ᠰᠠᠯᠠᠭ᠎ᠠ ᠮᠥᠴᠢᠷ ᠲᠤ ᠲᠠᠷᠬᠠᠵᠤ ᠪᠠᠶᠢᠭ᠎ᠠ  ᠦᠢᠯᠡᠴᠢᠯᠡᠭᠡᠨ ᠤ  ᠴᠤᠩᠬᠤᠪᠴᠢ ᠶᠢ ᠠᠯᠬᠤᠮ ᠠᠯᠬᠤᠮ ᠢᠶᠠᠷ ᠡᠮᠬᠢᠯᠡᠨ ᠨᠡᠶᠢᠯᠡᠭᠦᠯᠵᠦ ᠶᠡᠷᠦᠩᠬᠡᠶᠢᠯᠡᠨ ᠭᠥᠯᠢᠶᠡᠨ ᠠᠪᠴᠤ  ᠰᠢᠢᠳᠪᠦᠷᠢᠯᠡᠬᠦ  ᠴᠤᠩᠬᠤᠪᠴᠢ ᠪᠣᠯᠭᠠᠵᠤ᠂ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ  ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠤᠩᠬᠤᠪᠴᠢ ᠪᠠᠷ ᠮᠠᠲ᠋ᠧᠷᠢᠶᠠᠯ ᠭᠠᠷᠭᠠᠬᠤ︾  ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠎ᠡ᠃    ᠠᠰᠠᠭᠤᠯᠲᠠ᠄ ︽  ᠮᠥᠩᠬᠡ ᠰᠤᠪᠠᠭ ·  ᠨᠢᠭᠡ ᠰᠦᠯᠵᠢᠶ᠎ᠡ ᠪᠠᠷ ᠭᠦᠢᠴᠡᠳᠬᠡᠬᠦ︾ ᠠᠵᠢᠯ ᠢ ᠬᠡᠷᠬᠢᠨ ᠠᠬᠢᠭᠤᠯᠬᠤ ᠪᠣᠶ︖    ᠬᠠᠷᠢᠭᠤᠯᠲᠠ᠄ ᠨᠢᠭᠡ ᠳᠤ ᠂ ᠦᠢᠯᠡᠴᠢᠯᠡᠭᠡᠨ ᠤ ᠵᠦᠢᠯ ᠤᠨ ᠪᠠᠷᠢᠮᠵᠢᠶ᠎ᠠ ᠶᠢ ᠨᠢᠭᠡᠳᠬᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠵᠦᠢᠯᠡᠰ ᠤᠨ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠺᠣᠮᠫᠢᠦ᠋ᠲ᠋ᠧᠷ᠂ ᠭᠠᠷ ᠤᠲᠠᠰᠤ᠂  ᠴᠤᠩᠬᠤᠪᠴᠢ᠂ ᠥᠪᠡᠰᠦᠪᠡᠨ  ᠦᠢᠯᠡᠴᠢᠯᠡᠬᠦ ᠮᠠᠰᠢᠨ᠂ ᠲᠧᠯᠸᠢᠰ ᠵᠡᠷᠭᠡ ᠠᠷᠭ᠎ᠠ ᠵᠠᠮ ᠤᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠤᠨ ᠲᠤᠭ᠎ᠠ ᠪᠠᠷᠢᠮᠲᠠ ᠶᠢ ᠠᠳᠠᠯᠢ ᠢᠷᠡᠯᠲᠡ ᠲᠠᠢ ᠪᠠᠶᠢᠯᠭᠠᠬᠤ᠂ ᠪᠠᠷᠢᠮᠵᠢᠶᠠᠵᠢᠭᠤᠯᠤᠨ ᠭᠥᠯᠢᠶᠡᠨ ᠠᠪᠴᠤ  ᠰᠢᠢᠳᠪᠦᠷᠢᠯᠡᠬᠦ ᠂ ᠵᠢᠷᠤᠮᠵᠢᠭᠤᠯᠤᠨ  ᠭᠦᠢᠴᠡᠳᠬᠡᠬᠦ ᠶᠢ ᠠᠬᠢᠭᠤᠯᠤᠨ᠎ᠠ᠃    ᠬᠤᠶᠠᠷ ᠲᠤ ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠠᠪᠴᠠᠩ ᠢ ᠣᠲᠣ ᠶᠢᠨ ᠪᠠᠶᠢᠭ᠎ᠠ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠨᠢᠭᠡ ᠰᠦᠯᠵᠢᠶ᠎ᠡ ᠪᠠᠷ ᠭᠥᠯᠢᠶᠡᠨ ᠠᠪᠴᠤ ᠰᠢᠢᠳᠪᠦᠷᠢᠯᠡᠬᠦ᠂ ᠬᠠᠮᠵᠢᠯᠴᠠᠨ  ᠭᠦᠢᠴᠡᠳᠬᠡᠬᠦ᠂ ᠶᠡᠷᠦᠩᠬᠡᠶᠢᠯᠡᠨ ᠬᠠᠮᠢᠶᠠᠷᠬᠤ ᠶᠢ ᠪᠡᠶᠡᠯᠡᠭᠦᠯᠦᠨ᠎ᠡ᠃    ᠭᠤᠷᠪᠠ ᠳᠤ ᠂ ᠶᠡᠷᠦᠩᠬᠡᠶᠢᠯᠡᠭᠰᠡᠨ ᠬᠦᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠢ ᠨᠢᠭᠡᠳᠬᠡᠨ᠎ᠡ᠃ ︽ᠶᠡᠷᠦᠩᠬᠡᠶᠢᠯᠡᠭᠰᠡᠨ ᠨᠢᠭᠡ  ᠴᠤᠩᠬᠤᠪᠴᠢ ᠪᠠᠷ ᠭᠥᠯᠢᠶᠡᠨ ᠠᠪᠴᠤ  ᠰᠢᠢᠳᠪᠦᠷᠢᠯᠡᠬᠦ︾ ᠰᠢᠰᠲ᠋ᠧᠮ ᠤᠨ ᠬᠡᠷᠡᠭᠯᠡᠯᠲᠡ ᠶᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠶᠡᠭᠡ ᠲᠢᠩᠬᠢᠮ ᠳᠤ ︽ᠡᠮᠦᠨ᠎ᠡ ᠲᠠᠪᠴᠠᠩ ᠳᠤ ᠨᠢᠭᠡᠳᠦᠯᠲᠡᠶ ᠭᠥᠯᠢᠶᠡᠨ ᠠᠪᠴᠤ  ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ  ᠭᠦᠢᠴᠡᠳᠬᠡᠬᠦ᠂ ᠶᠡᠷᠦᠩᠬᠡᠶᠢᠯᠡᠭᠰᠡᠨ ᠴᠤᠩᠬᠤᠪᠴᠢ ᠪᠠᠷ ᠮᠠᠲ᠋ᠧᠷᠢᠶᠠᠯ ᠭᠠᠷᠭᠠᠬᠤ︾ ︽ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ  ᠰᠢᠢᠳᠪᠦᠷᠢᠯᠡᠬᠦ︾᠂ ︽ᠪᠥᠬᠦ ᠣᠷᠣᠨ ᠤ ᠰᠢᠭᠤᠳ ᠰᠢᠢᠳᠪᠦᠷᠢᠯᠡᠬᠦ︾᠂ ︽ᠮᠤᠵᠢ ᠠᠯᠤᠰᠯᠠᠨ ᠰᠢᠭᠤᠳ ᠰᠢᠢᠳᠪᠦᠷᠢᠯᠡᠬᠦ︾  ᠦᠢᠯᠡᠴᠢᠯᠡᠭᠡᠨ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠶᠢ ᠬᠡᠷᠡᠭᠵᠢᠭᠦᠯᠦᠨ᠎ᠡ᠃    ᠲᠦᠷᠪᠡ ᠳᠤ ᠂ ︽ᠰᠠᠶᠢᠨ ᠮᠠᠭᠤ ᠶᠢ ᠦᠨᠡᠯᠡᠬᠦ︾ ᠲᠦᠷᠢᠮ ᠢ ᠨᠢᠭᠡᠳᠬᠡᠨ᠎ᠡ᠃ ᠦᠢᠯᠡᠴᠢᠯᠡᠭᠡ ᠶᠢ ᠦᠨᠡᠯᠡᠬᠦ᠂ ᠴᠠᠭ ᠲᠤᠬᠠᠶ ᠳᠤᠨᠢ ᠳᠡᠭᠡᠭᠰᠢ ᠮᠡᠳᠡᠭᠦᠯᠬᠦ᠂ ᠵᠥᠷᠢᠶᠡᠲᠦ ᠦᠨᠡᠯᠡᠯᠲᠡ ᠪᠠᠷ ᠬᠠᠷᠢᠭᠤ ᠰᠤᠷᠪᠤᠯᠵᠢᠯᠠᠬᠤ᠂ ᠴᠡᠭᠴᠡᠯᠡᠨ ᠰᠠᠶᠢᠵᠢᠷᠠᠭᠤᠯᠵᠤ ᠬᠠᠷᠢᠭᠤ ᠲᠤᠰᠬᠠᠬᠤ ᠪᠥᠬᠦ ᠶᠠᠪᠤᠴᠠ ᠶᠢᠨ ᠪᠢᠲᠡᠭᠦᠦ ᠴᠠᠭᠠᠷᠢᠭ ᠤᠨ ᠠᠵᠢᠯ ᠤᠨ ᠲᠣᠭᠲᠠᠴᠠ ᠶᠢ ᠪᠠᠶᠢᠭᠤᠯᠵᠤ᠂ ︽ᠰᠠᠶᠢᠨ ᠮᠠᠭᠤ ᠦᠨᠡᠯᠡᠬᠦ︾ ᠠᠷᠭ᠎ᠠ ᠵᠠᠮ ᠢ ᠪᠦᠷᠢᠨ ᠪᠦᠷᠬᠦᠭᠦᠯᠬᠦ᠂ ᠮᠡᠳᠡᠭᠡ ᠵᠠᠩᠭᠢ ᠶᠢ ᠪᠦᠷᠢᠨ ᠬᠤᠯᠪᠣᠭᠳᠠᠭᠤᠯᠬᠤ᠂ ᠲᠤᠭ᠎ᠠ ᠪᠠᠷᠢᠮᠲᠠ ᠶᠢ ᠪᠦᠷᠢᠨ ᠬᠤᠷᠠᠮᠳᠤᠭᠤᠯᠬᠤ᠂ ᠦᠷ᠎ᠡ ᠳ᠋ᠦᠩ ᠢ ᠪᠦᠷᠢᠨ ᠢᠯᠡ ᠪᠣᠯᠭᠠᠬᠤ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃    ᠠᠰᠠᠭᠤᠯᠲᠠ᠄ ᠶᠠᠭᠤ ᠶᠢ ︽  ᠮᠥᠩᠬᠡ ᠰᠤᠪᠠᠭ · ᠠᠯᠠᠭᠠᠨ  ᠳᠡᠭᠡᠷ᠎ᠡ ᠭᠦᠢᠴᠡᠳᠬᠡᠬᠦ︾ ᠭᠡᠬᠦ ᠪᠣᠶ︖ ᠶᠠᠭᠤᠨ ᠤ ᠤᠴᠢᠷ ᠠᠴᠠ ︽  ᠮᠥᠩᠬᠡ ᠰᠤᠪᠠᠭ · ᠠᠯᠠᠭᠠᠨ ᠳᠡᠭᠡᠷ᠎ᠡ ᠭᠦᠢᠴᠡᠳᠬᠡᠬᠦ︾ ᠲᠥᠰᠦᠯ ᠢ ᠲᠣᠭᠲᠠᠭᠠᠭᠰᠠᠨ ᠪᠣᠶ︖    ᠬᠠᠷᠢᠭᠤᠯᠲᠠ᠄ ︽  ᠮᠥᠩᠬᠡ ᠰᠤᠪᠠᠭ · ᠠᠯᠠᠭᠠᠨ  ᠳᠡᠭᠡᠷ᠎ᠡ ᠭᠦᠢᠴᠡᠳᠬᠡᠬᠦ︾ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢᠨ ᠴᠢᠬᠤᠯᠠ  ᠦᠢᠯᠡᠳᠦᠯᠭᠡ ᠶᠢᠨ ᠦᠷ᠎ᠡ ᠪᠦᠲᠦᠭᠡᠯ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠵᠢᠭᠦᠯᠦᠭᠰᠡᠨ᠂ ᠠᠶᠢᠮᠠᠭ ᠬᠤᠲᠠ᠂ ᠬᠤᠰᠢᠭᠤ ᠰᠢᠶᠠᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠬᠦ ᠨᠡᠭᠦᠳᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ︵︽ᠮᠥᠩᠬᠡ ᠰᠤᠪᠠᠭ︾ ᠤᠨ APP ᠭᠡᠵᠦ ᠲᠣᠪᠴᠢᠯᠠᠨ᠎ᠠ︶ ᠢ ᠵᠢᠭᠠᠵᠤ ᠪᠣᠶ᠂ ᠡᠭᠦᠨ ᠳᠤ ᠨᠡᠭᠦᠳᠡᠯ ᠦᠵᠦᠭᠦᠷ ᠤᠨ ᠬᠡᠷᠡᠭᠯᠡᠯᠲᠡ ᠵᠢᠴᠢ ᠵᠢᠵᠢᠭ ᠲᠠᠰ ᠳᠠᠷᠠᠭᠠᠯᠠᠯ ᠢ ᠪᠠᠭᠲᠠᠭᠠᠨ᠎ᠠ᠃ ︽  ᠮᠥᠩᠬᠡ ᠰᠤᠪᠠᠭ · ᠠᠯᠠᠭᠠᠨ  ᠳᠡᠭᠡᠷ᠎ᠡ ᠭᠦᠢᠴᠡᠳᠬᠡᠬᠦ︾ ᠠᠵᠢᠯ ᠢ ᠠᠬᠢᠭᠤᠯᠬᠤ ᠶᠢᠨ ᠵᠣᠷᠢᠯᠭ᠎ᠠ ᠨᠢ ᠥᠷᠭᠡᠨ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠯᠡ ᠥᠷᠲᠡᠭᠡᠨ ᠤ ᠮᠠᠶ᠋ᠢᠭ︾ ᠤᠨ ᠠᠯᠠᠭᠠᠨ  ᠳᠡᠭᠡᠷ᠎ᠡ ᠪᠠᠶᠢᠴᠠᠭᠠᠨ ᠯᠠᠪᠯᠠᠬᠤ᠂ ᠠᠯᠠᠭᠠᠨ  ᠳᠡᠭᠡᠷ᠎ᠡ ᠤᠷᠢᠳᠴᠢᠯᠠᠨ ᠪᠣᠯᠵᠣᠬᠤ᠂ ᠠᠯᠠᠭᠠᠨ ᠳᠡᠭᠡᠷ᠎ᠡ  ᠭᠦᠢᠴᠡᠳᠬᠡᠬᠦ᠂ ᠠᠯᠠᠭᠠᠨ ᠳᠡᠭᠡᠷ᠎ᠡ ᠦᠨᠡᠯᠡᠯᠲᠡ ᠶᠢᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ  ᠦᠢᠯᠡᠴᠢᠯᠡᠭᠡ ᠬᠠᠩᠭᠠᠬᠤ ᠶᠢᠨ ᠲᠥᠯᠥᠭᠡ ᠶᠤᠮ᠃ ᠠᠵᠤ ᠠᠬᠤᠶᠢᠯᠠᠯ ᠣᠯᠠᠨ ᠲᠦᠮᠡᠨ ︽ᠮᠥᠩᠬᠡ ᠰᠤᠪᠠᠭ︾ ᠤᠨ APP ᠶᠢ ᠪᠠᠭᠤᠯᠭᠠᠬᠤ ᠪᠤᠶᠤ ᠸᠢᠴᠠᠲ᠂ ᠲᠣᠭᠠᠴᠠᠭ᠎ᠠ ᠡᠷᠳᠡᠨᠢ ᠶᠢᠨ ᠵᠢᠵᠢᠭ ᠫᠷᠤᠭ᠍ᠷᠠᠮ ᠢᠶᠠᠷ ᠳᠠᠮᠵᠢᠭᠤᠯᠤᠨ᠂ ᠠᠳᠠᠯᠢ ᠪᠤᠰᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ︵ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡ ᠪᠠᠭᠲᠠᠨ᠎ᠠ︶ ᠤᠨ ᠶᠣᠰᠣᠭᠠᠷ 24 ᠴᠠᠭ ᠤᠨ ︽ᠠᠯᠠᠭᠠᠨ ᠳᠡᠭᠡᠷᠡᠬᠢ︾ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ᠂ ᠴᠤᠩᠬᠤᠪᠴᠢᠨ ᠳᠤ ᠣᠴᠢᠵᠤ ᠠᠵᠢᠯ ᠶᠠᠪᠤᠳᠠᠯ  ᠭᠦᠢᠴᠡᠳᠬᠡᠬᠦ ᠳᠠᠷᠤᠭᠠᠰᠤ ᠶᠢ ᠶᠡᠭᠡ ᠪᠠᠷ ᠬᠥᠩᠭᠡᠷᠡᠭᠦᠯᠦᠨ᠎ᠡ᠃    ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ︽ᠲᠠᠯᠪᠢᠬᠤ  ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠬᠤ ᠶᠢᠨ ᠲᠥᠯᠥᠭᠡ᠂ ᠠᠵᠤ ᠠᠬᠤᠶᠢᠯᠠᠯ ᠪᠠ ᠣᠯᠠᠨ ᠲᠦᠮᠡᠨ ᠤ ᠪᠣᠳᠠᠲᠤ ᠬᠡᠷᠡᠭᠴᠡᠭᠡ ᠳᠤ ᠰᠠᠭᠤᠷᠢᠯᠠᠨ᠂ ᠨᠡᠭᠦᠳᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠡᠭᠦᠳᠡᠯ ᠦᠵᠦᠭᠦᠷ ᠳᠠᠰᠢ ᠤᠷᠲᠤᠳᠬᠠᠬᠤ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠵᠤ᠂ ᠮᠠᠨ ᠤ ᠬᠤᠰᠢᠭᠤ ︽ᠠᠤᠬᠠᠨ ᠬᠤᠰᠢᠭᠤᠨ ᠤ ︿  ᠮᠥᠩᠬᠡ ᠰᠤᠪᠠᠭ · ᠠᠯᠠᠭᠠᠨ ᠳᠡᠭᠡᠷ᠎ᠡ ᠭᠦᠢᠴᠡᠳᠬᠡᠬᠦ﹀  ᠶᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠥᠰᠦᠯ︾ ᠢ ᠲᠣᠭᠲᠠᠭᠠᠪᠠ᠃    ᠠᠰᠠᠭᠤᠯᠲᠠ᠄ ︽  ᠮᠥᠩᠬᠡ ᠰᠤᠪᠠᠭ · ᠠᠯᠠᠭᠠᠨ ᠳᠡᠭᠡᠷ᠎ᠡ ᠭᠦᠢᠴᠡᠳᠬᠡᠬᠦ︾ ᠨᠢ ᠠᠵᠤ ᠠᠬᠤᠶᠢᠯᠠᠯ ᠣᠯᠠᠨ ᠲᠦᠮᠡᠨ ᠳᠤ ᠬᠡᠷᠬᠢᠨ ᠲᠥᠬᠦᠮ ᠦᠵᠡᠭᠦᠯᠬᠦ ᠪᠣᠶ︖    ᠬᠠᠷᠢᠭᠤᠯᠲᠠ᠄ ᠣᠳᠣᠬᠠᠨ ᠳᠤ᠂ ︽ᠮᠥᠩᠬᠡ ᠰᠤᠪᠠᠭ︾ ᠤᠨ APP ᠨᠢ ᠨᠢᠭᠡᠨᠲᠡ ᠪᠥᠬᠦ ᠣᠷᠣᠨ ᠤ ᠡᠯ᠎ᠡ ᠱᠠᠲᠤᠨ ᠤ 5000 ᠭᠠᠷᠤᠶ ᠰᠠᠯᠠᠭ᠎ᠠ ᠮᠥᠴᠢᠷ ᠤᠨ 10 ᠲᠦᠮᠡ ᠰᠢᠬᠠᠮ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠵᠦᠢᠯᠡᠰ ᠢ ᠨᠡᠶᠢᠲᠡᠯᠡᠵᠦ᠂ ᠬᠡᠰᠡᠭ  ᠵᠦᠢᠯᠡᠰ ᠢ ᠨᠢᠭᠡᠨᠲᠡ ᠪᠠᠶᠢᠴᠠᠭᠠᠨ ᠯᠠᠪᠯᠠᠬᠤ᠂ ᠪᠣᠯᠵᠣᠬᠤ᠂  ᠭᠦᠢᠴᠡᠳᠬᠡᠬᠦ ᠪᠠ ᠦᠨᠡᠯᠡᠬᠦ  ᠦᠢᠯᠡᠴᠢᠯᠡᠭᠡ ᠶᠢ ᠳᠡᠮᠵᠢᠵᠦ ᠪᠠᠶᠢᠨ᠎ᠠ᠃ ᠡᠭᠦᠨ ᠤ ᠰᠠᠭᠤᠷᠢᠨ ᠳᠡᠭᠡᠷ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠯᠡᠯᠲᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ 500 ᠭᠠᠷᠤᠶ ᠵᠦᠢᠯ ᠤᠨ ᠬᠡᠷᠡᠭᠯᠡᠭᠡᠨ ᠤ ᠦᠢᠯᠡᠴᠢᠯᠡᠭᠡ ᠶᠢ ᠰᠦᠯᠵᠢᠶᠡᠨ ᠳᠤ ᠣᠷᠣᠭᠤᠯᠤᠨ᠂ 16 ᠲᠥᠷᠥᠯ ᠤᠨ ᠡᠯᠧᠺᠲᠷᠣᠨ ᠦᠨᠡᠮᠯᠡᠯ ᠢ ᠪᠠᠶᠢᠴᠠᠭᠠᠨ ᠯᠠᠪᠯᠠᠬᠤ᠂ ᠲᠠᠨᠢᠵᠤ ᠠᠪᠬᠤ ᠦᠢᠯᠡᠴᠢᠯᠡᠭᠡ ᠬᠠᠩᠭᠠᠵᠤ᠂ ᠲᠠᠷᠠᠭᠠᠴᠢ ᠶᠢᠨ ᠠᠯᠬᠤᠮ ᠳᠤ ᠠᠵᠤ ᠠᠬᠤᠶᠢᠯᠠᠯ ᠣᠯᠠᠨ ᠲᠦᠮᠡᠨ ᠤ ᠡᠯ᠎ᠡ ᠲᠥᠷᠥᠯ ᠤᠨ ᠠᠵᠢᠯ ᠶᠠᠪᠤᠳᠠᠯ  ᠭᠦᠢᠴᠡᠳᠬᠡᠬᠦ ᠭᠤᠭᠴᠤᠭ᠎ᠠ ᠵᠢᠴᠢ ᠠᠳᠠᠯᠢ ᠪᠤᠰᠤ ᠲᠠᠯᠠᠪᠤᠷ ᠲᠠᠬᠢ ᠺᠣᠳ᠋ ᠰᠢᠷᠪᠢᠵᠦ ᠦᠨᠡᠮᠯᠡᠯ ᠤᠯᠬᠤ ᠳᠤ ᠲᠤᠯᠭᠠᠭᠤᠷᠢᠯᠠᠯ ᠬᠠᠩᠭᠠᠨ᠎ᠠ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠵᠠᠷ ᠤᠨ ᠵᠢᠷᠤᠭ︾ ︽ᠣᠶᠤᠨᠴᠢ ᠠᠰᠠᠭᠤᠯᠲᠠ ᠬᠠᠷᠢᠭᠤᠯᠲᠠ︾ ᠵᠡᠷᠭᠡ ᠠᠯᠢ ᠣᠯᠠᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠴᠢᠳᠠᠮᠵᠢ ᠶᠢᠨ ᠬᠡᠷᠡᠭᠯᠡᠯᠲᠡ ᠶᠢ ᠵᠠᠯᠭᠠᠭ᠎ᠠ ᠪᠠᠷ ᠨᠡᠶᠢᠲᠡᠯᠡᠵᠦ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮᠴᠢᠯᠡᠯᠲᠡ ᠶᠢᠨ ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠦᠴᠢᠷ᠂ ᠠᠵᠢᠯ ᠶᠠᠪᠤᠳᠠᠯ  ᠭᠦᠢᠴᠡᠳᠬᠡᠬᠦ ᠳᠤ ᠤᠳᠠᠭᠠᠨ᠂ ᠠᠵᠢᠯ ᠶᠠᠪᠤᠳᠠᠯ ᠭᠦᠢᠴᠡᠳᠬᠡᠬᠦ  ᠳᠤ ᠲᠦᠪᠡᠭᠲᠡᠶ ᠵᠡᠷᠭᠡ ᠠᠰᠠᠭᠤᠳᠠᠯ ᠢ  ᠰᠢᠢᠳᠪᠦᠷᠢᠯᠡᠬᠦ ᠶᠢ ᠠᠬᠢᠭᠤᠯᠤᠨ᠎ᠠ᠃    ᠠᠰᠠᠭᠤᠯᠲᠠ᠄ ︽  ᠮᠥᠩᠬᠡ ᠰᠤᠪᠠᠭ · ᠠᠯᠠᠭᠠᠨ  ᠳᠡᠭᠡᠷ᠎ᠡ ᠭᠦᠢᠴᠡᠳᠬᠡᠬᠦ︾ ᠬᠡᠷᠡᠭᠵᠢᠭᠦᠯᠦᠯᠲᠡ ᠶᠢ ᠬᠡᠷᠬᠢᠨ ᠠᠬᠢᠭᠤᠯᠬᠤ ᠪᠣᠶ︖    ᠬᠠᠷᠢᠭᠤᠯᠲᠠ᠄ ︵ᠨᠢᠭᠡ︶ ᠴᠤᠭᠯᠠᠷᠠᠭᠤᠯᠤᠨ ᠨᠢᠭᠡᠳᠬᠡᠬᠦ ᠶᠢ ᠦᠷᠭᠦᠯᠵᠢᠯᠡᠨ ᠠᠬᠢᠭᠤᠯᠤᠨ᠎ᠠ᠃ ᠠᠵᠤ ᠠᠬᠤᠶᠢᠯᠠᠯ ᠂ ᠣᠯᠠᠨ ᠲᠦᠮᠡᠨ ᠳᠤ ᠬᠠᠨᠳᠤᠭᠤᠯᠤᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠪᠦᠬᠦ ᠲᠠᠯ᠎ᠠ ᠪᠠᠷ ᠡᠮᠬᠢᠯᠡᠨ ᠳᠢᠭᠯᠡᠵᠦ᠂ ᠬᠠᠮᠢᠶ᠎ᠠ ᠪᠥᠬᠦᠶ ᠬᠡᠷᠡᠭᠯᠡᠭᠡᠨ ᠤ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠳᠤ᠂ ᠠᠰᠢᠭᠯᠠᠵᠤ ᠪᠣᠯᠬᠤ ᠮᠡᠳᠡᠭᠡ ᠵᠠᠩᠭᠢᠵᠢᠯᠲᠠ ᠶᠢᠨ ᠡᠬᠢ ᠪᠠᠶᠠᠯᠢᠭ ᠤᠨ ᠨᠠᠷᠢᠨ ᠲᠠᠩᠰᠠ ᠶᠢ ᠪᠣᠶ ᠪᠣᠯᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠭᠤᠯᠵᠠᠷ ᠤᠨ ᠬᠠᠭᠤᠳᠠᠰᠤ ᠨᠡᠭᠡᠭᠡᠬᠦ ᠶᠢ ᠳᠥᠯᠭᠢᠨ ᠠᠬᠢᠭᠤᠯᠵᠤ᠂ ᠮᠠᠰᠢ ᠣᠯᠠᠨ ᠰᠠᠯᠠᠭ᠎ᠠ ᠮᠥᠴᠢᠷ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ  ᠳᠤ ᠲᠠᠷᠬᠠᠵᠤ ᠪᠠᠶᠢᠭ᠎ᠠ ᠰᠦᠯᠵᠢᠶᠡᠨ ᠳᠡᠭᠡᠷ᠎ᠡ ᠠᠵᠢᠯ ᠶᠠᠪᠤᠳᠠᠯ  ᠭᠦᠢᠴᠡᠳᠬᠡᠬᠦ  ᠦᠢᠯᠡᠴᠢᠯᠡᠭᠡᠨ ᠤ ᠣᠷᠣᠬᠤ ᠭᠠᠵᠠᠷ ᠵᠢᠴᠢ ᠥᠨᠳᠥᠷ ᠳᠠᠪᠲᠠᠮᠵᠢ ᠶᠢᠨ ᠬᠡᠷᠡᠭᠯᠡᠭᠡ ᠶᠢ ᠪᠦᠯᠦᠭ ᠬᠤᠪᠢᠶᠠᠨ ᠬᠤᠭᠤᠴᠠᠭ᠎ᠠ ᠬᠤᠪᠢᠶᠠᠨ ︽  ᠮᠥᠩᠬᠡ ᠰᠤᠪᠠᠭ︾ ᠤᠨ APP ᠳᠤ ᠵᠠᠯᠭᠠᠨ ᠣᠷᠣᠭᠤᠯᠤᠨ᠎ᠠ᠃    ︵ᠬᠤᠶᠠᠷ︶ ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠡᠷᠡᠭᠯᠡᠭᠴᠢ ᠶᠢᠨ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠠᠴᠠ ᠡᠭᠦᠰᠴᠦ᠂ ᠠᠵᠤ ᠠᠬᠤᠶᠢᠯᠠᠯ  ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠦᠴᠢᠷᠲᠡᠶ ᠭᠠᠵᠠᠷ ᠲᠤ ᠴᠢᠭᠯᠡᠭᠦᠯᠦᠨ᠂ ᠡᠯ᠎ᠡ ᠨᠢᠭᠡᠴᠢ ᠶᠢᠨ ᠦᠢᠯᠡᠴᠢᠯᠡᠭᠡᠨ ᠤ ᠠᠭᠤᠯᠭ᠎ᠠ ᠶᠢ ᠠᠭᠤᠰᠤᠯᠴᠠᠭᠤᠯᠤᠨ᠂ ᠬᠡᠷᠡᠭᠴᠡᠭᠡ ᠱᠠᠭᠠᠷᠳᠠᠯᠭ᠎ᠠ ᠶᠢ ᠲᠣᠭᠲᠠᠭᠠᠨ ᠦᠢᠯᠡᠳᠬᠦ ᠶᠢ ᠭᠦᠨᠵᠡᠭᠡᠶᠢᠷᠡᠭᠦᠯᠵᠦ᠂ ᠠᠵᠢᠯ ᠶᠠᠪᠤᠳᠠᠯ  ᠭᠦᠢᠴᠡᠳᠬᠡᠬᠦ ᠠᠬᠤᠶ ᠪᠠᠶᠢᠳᠠᠯ ᠢᠶᠠᠷ ᠭᠤᠤᠯ ᠱᠤᠭᠤᠮ ᠪᠣᠯᠭᠠᠨ᠂ ᠠᠩᠬᠠᠷᠬᠤ ᠬᠡᠮᠵᠢᠶ᠎ᠡ ᠪᠠᠷ ᠥᠨᠳᠥᠷ ᠵᠦᠢᠯᠡᠰ ᠲᠤ ᠴᠢᠭᠯᠡᠭᠦᠯᠦᠨ ᠥᠨᠳᠥᠷ ᠲᠠᠪᠳᠠᠮᠵᠢᠳᠤ ᠭᠤᠤᠯ ᠰᠡᠳᠦᠪᠲᠦ ᠦᠢᠯᠡᠴᠢᠯᠡᠭᠡᠨ ᠤ ᠲᠤᠰᠬᠠᠶ ᠣᠷᠣᠨ ᠭᠠᠷᠭᠠᠨ᠎ᠠ᠃    ︵ᠭᠤᠷᠪᠠ︶ ᠪᠦᠬᠦᠯᠢ ᠴᠣᠭᠴᠠ ᠶᠢᠨ ᠪᠣᠷᠣ ᠲᠥᠯᠥᠪ ᠢ ᠲᠦᠷᠭᠡᠳᠬᠡᠨ ᠰᠢᠯᠢᠳᠡᠭᠵᠢᠭᠦᠯᠦᠨ᠎ᠡ᠃ ︽  ᠮᠥᠩᠬᠡ ᠰᠤᠪᠠᠭ︾ ᠤᠨ APP ᠤᠨ ᠲᠥᠯᠥᠪᠵᠢᠭᠦᠯᠭᠡ ᠶᠢᠨ ᠬᠡᠪᠯᠡᠯ ᠢ ᠥᠭᠡᠷᠡᠴᠢᠯᠡᠬᠦ ᠶᠢ ᠠᠬᠢᠭᠤᠯᠵᠤ᠂ ᠨᠠᠩ ᠰᠢᠨᠵᠢᠯᠡᠬᠦ ᠤᠬᠠᠭᠠᠨᠴᠢ ᠪᠥᠭᠡᠳ ᠪᠦᠷᠢᠨ ᠪᠦᠲᠦᠨ ᠪᠤᠯᠤᠩ ᠤᠨ ᠪᠦᠲᠦᠴᠡ᠂ ᠠᠭᠤᠯᠭ᠎ᠠ ᠶᠢᠨ ᠪᠠᠶᠢᠷᠢᠰᠢᠭᠤᠯᠤᠯᠲᠠ᠂ ᠴᠢᠳᠠᠮᠵᠢ ᠶᠢᠨ ᠰᠢᠰᠲ᠋ᠧᠮᠵᠢ ᠪᠠ ᠨᠢᠭᠤᠷ ᠤᠨ ᠵᠢᠷᠤᠭ ᠲᠥᠯᠥᠪᠯᠡᠭᠡ ᠶᠢ ᠪᠠᠶᠢᠭᠤᠯᠤᠨ᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠵᠠᠷ ᠤᠨ ᠵᠢᠷᠤᠭ︾ ︽ᠤᠶᠤᠨᠴᠢ ᠪᠠᠷ ᠠᠰᠠᠭᠤᠬᠤ᠂ ᠤᠶᠤᠨᠴᠢ ᠪᠠᠷ ᠬᠠᠷᠢᠭᠤᠯᠬᠤ᠂ ᠤᠶᠤᠨᠴᠢ ᠪᠠᠷ ᠡᠷᠢᠬᠦ᠂ ᠤᠶᠤᠨᠴᠢ ᠪᠠᠷ  ᠭᠦᠢᠴᠡᠳᠬᠡᠬᠦ︾ ᠵᠡᠷᠭᠡ ᠰᠢᠯᠵᠢᠮᠡᠯ ᠤᠶᠤᠨᠴᠢ ᠵᠠᠰᠠᠭ ᠤᠨ ᠶᠠᠪᠤᠳᠠᠯ ᠤᠨ ᠴᠢᠳᠠᠮᠵᠢ ᠶᠢ ᠭᠠᠷᠭᠠᠵᠤ᠂ ᠠᠵᠤ ᠠᠬᠤᠶᠢᠯᠠᠯ ᠤᠨ ᠣᠯᠠᠨ ᠲᠦᠮᠡᠨ ᠳᠤ ᠰᠠᠨᠠᠭᠠᠴᠢᠯᠠᠭ᠎ᠠ ᠠᠴᠠ ᠪᠠᠨ ᠤᠶᠤᠨᠴᠢᠯᠠᠭᠰᠠᠨ᠂ ᠨᠠᠷᠢᠯᠢᠭ  ᠣᠨᠤᠪᠴᠢᠲᠠᠢ᠂ ᠥᠪᠡᠷᠮᠢᠴᠡ  ᠦᠢᠯᠡᠴᠢᠯᠡᠭᠡ ᠶᠢ ᠬᠠᠩᠭᠠᠨ᠎ᠠ᠃    ︵ᠳᠥᠷᠪᠡ︶ ︽ᠮᠥᠩᠬᠡ ᠰᠤᠪᠠᠭ︾ ᠢ ᠤᠬᠠᠭᠤᠯᠤᠨ ᠳᠡᠯᠭᠡᠷᠡᠭᠦᠯᠬᠦ ᠶᠢ ᠢᠳᠡᠪᠬᠢᠲᠡᠶ ᠥᠷᠨᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠪᠣᠶ ᠪᠥᠬᠦᠶ ᠠᠵᠢᠯᠲᠠᠨ ᠨᠢ ᠴᠥᠮ ︽  ᠮᠥᠩᠬᠡ ᠰᠤᠪᠠᠭ︾ ᠢ ᠳᠠᠩᠰᠠᠯᠠᠭᠤᠯᠵᠤ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠶᠡᠭᠡ ᠲᠢᠩᠬᠢᠮ ᠤᠨ ᠬᠥᠲᠥᠯᠦᠨ ᠵᠢᠯᠣᠭᠤᠳᠬᠤ ᠠᠵᠢᠯᠲᠠᠨ ᠨᠢ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠤᠨ ᠣᠯᠠᠨ ᠲᠦᠮᠡᠨ ᠢ ᠢᠳᠡᠪᠬᠢᠲᠡᠶ ᠪᠠᠷ ᠲᠠᠨᠢᠯᠴᠠᠭᠤᠯᠤᠨ ᠬᠥᠲᠥᠯᠦᠨ ᠵᠢᠯᠣᠭᠤᠳᠬᠤ ᠶᠢᠨ ᠬᠠᠮᠲᠤ᠂ ᠠᠵᠢᠯ ᠶᠠᠪᠤᠳᠠᠯ  ᠭᠦᠢᠴᠡᠳᠬᠡᠬᠦ ᠶᠡᠭᠡ ᠲᠢᠩᠬᠢᠮ ᠪᠠ ᠪᠤᠰᠤᠳ ᠣᠯᠠᠨ ᠨᠡᠶᠢᠲᠡ ᠶᠢᠨ ᠲᠠᠯᠠᠪᠤᠷ ᠲᠤ ︽  ᠮᠥᠩᠬᠡ ᠰᠤᠪᠠᠭ︾ ᠤᠨ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠤᠬᠠᠭᠤᠯᠤᠨ ᠳᠡᠯᠭᠡᠷᠡᠭᠦᠯᠬᠦ ᠠᠵᠢᠯ ᠢ ᠥᠷᠨᠢᠭᠦᠯᠬᠦ ᠬᠡᠷᠡᠭᠲᠡᠶ︔ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠤᠨ ᠰᠢᠰᠲ᠋ᠧᠮ ᠵᠡᠷᠭᠡ ᠨᠢ ᠲᠦᠷᠦᠭᠦᠯᠡᠨ ︽ᠮᠥᠩᠬᠡ ᠰᠤᠪᠠᠭ︾ ᠤᠨ APP ᠶᠢ ᠪᠠᠭᠤᠯᠭᠠᠵᠤ ᠬᠡᠷᠡᠭᠯᠡᠨ᠎ᠡ︔ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠢᠨ ︽  ᠮᠥᠩᠬᠡ ᠰᠤᠪᠠᠭ︾ ᠤᠨ APP ᠶᠢ ᠪᠠᠭᠤᠯᠭᠠᠵᠤ ᠳᠠᠩᠰᠠᠯᠠᠭᠤᠯᠬᠤ ᠪᠠᠨ ᠴᠢᠩᠭᠠᠳᠬᠠᠵᠤ᠂ ᠥᠷᠭᠡᠨ ᠣᠯᠠᠨ ᠲᠦᠮᠡᠨ ᠤ ︽ᠮᠥᠩᠬᠡ ᠰᠤᠪᠠᠭ︾ ᠤᠨ ᠰᠢᠯᠵᠢᠮᠡᠯ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠠᠪᠴᠠᠩ ᠪᠠ  ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢ ᠬᠡᠷᠡᠭᠯᠡᠨ ᠠᠵᠢᠯ ᠶᠠᠪᠤᠳᠠᠯ  ᠭᠦᠢᠴᠡᠳᠬᠡᠬᠦ ᠶᠢ ᠬᠥᠲᠥᠯᠦᠨ ᠵᠢᠯᠣᠭᠤᠳᠬᠤ ᠶᠢᠨ ᠬᠠᠮᠲᠤ ᠵᠣᠷᠢᠭᠵᠢᠭᠤᠯᠵᠤ᠂ ︽  ᠮᠥᠩᠬᠡ ᠰᠤᠪᠠᠭ︾ ᠤᠨ ᠳᠠᠩᠰᠠᠯᠠᠭᠤᠯᠤᠭᠰᠠᠨ ᠬᠡᠷᠡᠭᠯᠡᠭᠴᠢ ᠶᠢᠨ ᠲᠤᠭ᠎ᠠ ᠪᠠ ᠰᠦᠯᠵᠢᠶᠡᠨ ᠳᠡᠭᠡᠷ᠎ᠡ  ᠭᠦᠢᠴᠡᠳᠬᠡᠬᠦ ᠵᠦᠢᠯ ᠤᠨ ᠲᠤᠭ᠎ᠠ ᠬᠡᠮᠵᠢᠶ᠎ᠡ ᠶᠢ ᠳᠡᠭᠡᠭᠰᠢᠯᠡᠭᠦᠯᠦᠨ᠎ᠡ᠃    ᠠᠰᠠᠭᠤᠯᠲᠠ᠄ ︽  ᠮᠥᠩᠬᠡ ᠰᠤᠪᠠᠭ · ᠠᠯᠠᠭᠠᠨ  ᠳᠡᠭᠡᠷ᠎ᠡ ᠭᠦᠢᠴᠡᠳᠬᠡᠬᠦ ︾  ᠶᠢ ᠬᠡᠷᠬᠢᠨ ᠬᠡᠷᠡᠭᠯᠡᠬᠦ ᠪᠣᠶ︖    ᠬᠠᠷᠢᠭᠤᠯᠲᠠ᠄ ᠳᠣᠤᠷᠠᠬᠢ ᠥᠪᠡᠷᠲᠡᠭᠡᠨ ᠵᠠᠰᠠᠬᠤ ᠣᠷᠣᠨ ᠤ ᠴᠤᠪᠤᠷᠠᠯ ᠵᠢᠷᠤᠭ ᠢᠶᠠᠷ ᠪᠠᠭᠤᠯᠭᠠᠨ ᠠᠪᠴᠤ ᠳᠠᠩᠰᠠᠯᠠᠭᠤᠯᠤᠨ ᠬᠡᠷᠡᠭᠯᠡᠵᠦ ᠪᠣᠯᠤᠨ᠎ᠠ᠃    ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠤᠬᠠᠨ ᠬᠤᠰᠢᠭᠤᠨ ᠤ ᠠᠷᠠᠳ ᠤᠨ ᠵᠠᠰᠠᠭ ᠤᠨ  ᠣᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ ︕
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号