︽ᠠᠤᠬᠠᠨ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠳᠤᠮᠳᠠ ᠬᠤᠭᠤᠴᠠᠭᠠᠨ ᠤ ᠦᠨᠡᠯᠡᠨ ᠵᠢᠱᠢᠬᠦ ᠠᠵᠢᠯ ᠤᠨ ᠲᠥᠰᠦᠯ︾ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2023/12/4
     ᠨᠢᠭᠡ᠂ ᠣᠷᠣᠨ ᠲᠣᠭᠠᠨ ᠤ ᠠᠬᠤᠢ ᠪᠠᠶᠢᠳᠠᠯ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ  ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ  ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠦᠨᠡᠯᠡᠵᠦ᠂ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠠᠬᠢᠴᠠ ᠶᠢᠨ ᠦᠷ᠎ᠡ ᠪᠦᠲᠦᠮᠵᠢ ᠶᠢ ᠪᠤᠰᠤᠳᠴᠢ ᠪᠠᠷ ᠦᠨᠡᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠬᠦᠴᠢᠷ ᠠᠰᠠᠭᠤᠳᠠᠯ ᠢ ᠣᠨᠣᠪᠴᠢᠲᠠᠶ ᠡᠷᠢᠵᠦ᠂ ᠲᠠᠷᠠᠭᠠᠴᠢ ᠶᠢᠨ ᠠᠯᠬᠤᠮ ᠳᠤ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠦᠷ᠎ᠡ ᠪᠦᠲᠦᠭᠡᠯ ᠢ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠪᠣᠳᠠᠲᠠᠢ ᠰᠡᠳᠬᠢᠴᠡ ᠪᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠠᠤᠬᠠᠨ ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃    ᠬᠤᠶᠠᠷ᠂ ᠭᠤᠣᠯ ᠠᠭᠤᠯᠭ᠎ᠠ    ︵ᠨᠢᠭᠡ︶ ᠦᠨᠡᠯᠡᠨ ᠵᠢᠱᠢᠬᠦ ᠵᠠᠷᠴᠢᠮ    ︵ᠨᠢᠭᠡ︶  ᠰᠢᠰᠲ᠋ᠧᠮᠲᠦ ᠪᠦᠬᠦ ᠲᠠᠯ᠎ᠠ ᠃ ᠪᠥᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠲᠣᠭᠲᠠᠭᠠᠭᠰᠠᠨ ᠬᠠᠷᠠᠯᠲᠠ ᠡᠭᠦᠷᠭᠡ ᠶᠢ ᠠᠬᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠦᠨᠡᠯᠡᠨ ᠵᠢᠱᠢᠵᠦ᠂ ᠪᠥᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ ᠪᠠ ᠡᠯ᠎ᠡ ᠭᠤᠤᠯᠳᠠᠯᠭ᠎ᠠ ᠲᠠᠢ ᠲᠤᠰᠬᠠᠶ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠰᠢᠰᠲ᠋ᠧᠮ ᠲᠠᠢ ᠦᠨᠡᠯᠡᠨ  ᠵᠢᠱᠢᠨ᠎ᠡ᠃    ︵ᠬᠤᠶᠠᠷ︶ ᠭᠤᠣᠯᠳᠠᠯᠭ᠎ᠠ ᠪᠠᠨ ᠲᠣᠪᠤᠶᠢᠯᠭᠠᠵᠤ᠃ ᠭᠤᠤᠯ ᠪᠣᠯᠬᠤ ᠠᠵᠤ ᠠᠬᠤᠶ ᠶᠢᠨ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠡᠭᠦᠷᠭᠡ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠵᠢᠴᠢ ᠭᠤᠤᠯᠳᠠᠯᠭ᠎ᠠ ᠶᠢ ᠠᠳᠬᠤᠵᠤ᠂ ᠳᠤᠲᠠᠭᠤᠳᠠᠯ ᠢ ᠨᠢ ᠨᠥᠬᠦᠪᠥᠷᠢᠯᠡᠨ᠂ ᠬᠦᠴᠦᠷᠬᠡᠭ ᠪᠠᠭᠤᠷᠠᠢ ᠵᠦᠢᠯᠡᠰ ᠢ  ᠲᠣᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠃    ︵ᠭᠤᠷᠪᠠ︶ ᠬᠤᠯᠠ ᠣᠶᠢᠷ᠎ᠠ  ᠶᠢ ᠬᠤᠯᠪᠤᠭᠠᠯᠠᠬᠤ᠃ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠠᠯᠤᠰ ᠬᠡᠲᠦ ᠶᠢ ᠪᠣᠳᠣᠯᠬᠢᠯᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠥᠭᠵᠢᠯᠲᠡ ᠶᠢᠨ ᠭᠤᠤᠯ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠬᠦ ᠪᠠᠷ ᠪᠠᠷᠠᠬᠤ ᠥᠬᠡᠶ ᠪᠠᠰᠠ 2035 ᠣᠨ ᠤ ᠠᠯᠤᠰ ᠤᠨ ᠬᠠᠷᠠᠯᠲᠠ ᠶᠢᠨ ᠪᠡᠶᠡᠯᠡᠭᠳᠡᠬᠦ ᠶᠢ ᠠᠩᠬᠠᠷᠴᠤ᠂ ᠨᠠᠩ ᠥᠨᠳᠥᠷ ᠵᠣᠭᠰᠣᠴᠠ᠂ ᠨᠠᠩ ᠥᠷᠭᠡᠨ ᠬᠠᠷᠠᠭᠠᠰᠤ ᠠᠴᠠ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃    ︵ᠲᠦᠷᠪᠡ︶ ᠰᠢᠨᠵᠢᠯᠡᠬᠦ ᠤᠬᠠᠭᠠᠨᠴᠢ ᠴᠢᠩᠭ᠎ᠠ ᠨᠢᠮᠪᠠᠢ᠃ ᠤᠯᠤᠰ ᠤᠨ ᠬᠥᠭᠵᠢᠯᠲᠡ ᠶᠢᠨ ᠣᠷᠴᠢᠨ ᠲᠣᠭᠤᠷᠢᠨ ᠤ ᠬᠤᠪᠢᠷᠠᠯᠲᠠ ᠶᠢ ᠨᠢᠭᠲᠠ ᠠᠩᠬᠠᠷᠴᠤ᠂ ᠴᠠᠭ ᠦᠶᠡᠴᠢ ᠴᠢᠨᠠᠷ ᠪᠠ ᠵᠢᠮ᠎ᠡ ᠶᠣᠰᠣᠴᠢ ᠴᠢᠨᠠᠷ ᠢ ᠣᠨᠣᠪᠴᠢᠲᠠᠶ ᠡᠵᠡᠮᠳᠡᠵᠦ᠂ ᠦᠨᠡᠯᠡᠨ ᠵᠢᠱᠢᠵᠦ ᠲᠣᠬᠢᠷᠠᠭᠤᠯᠤᠯᠲᠠ ᠬᠢᠵᠦ᠂ ᠦᠨᠡᠯᠡᠨ ᠵᠢᠱᠢᠬᠦ ᠶᠢᠨ ᠲᠤᠰᠬᠠᠶ ᠮᠡᠷᠭᠡᠵᠢᠯ ᠤᠨ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠠ ᠲᠥᠪ ᠴᠢᠩᠭ᠎ᠠ ᠴᠢᠨᠠᠷ ᠢ ᠳᠡᠭᠡᠭᠰᠢᠯᠡᠭᠦᠯᠦᠨ᠎ᠡ᠃    ︵ᠲᠠᠪᠤ︶ ᠪᠣᠳᠠᠲᠤ ᠦᠷ᠎ᠡ ᠪᠦᠲᠦᠮᠵᠢ ᠶᠢ  ᠡᠷᠬᠢᠮᠯᠡᠨ᠎ᠡ᠃ ᠳᠡᠭᠡᠳᠦ ᠳᠣᠤᠷᠠᠳᠤ ᠱᠠᠲᠤᠨ ᠤ ᠬᠤᠯᠪᠣᠭᠠᠯᠠᠨ ᠬᠥᠳᠡᠯᠦᠯᠴᠡᠬᠦ᠂ ᠬᠥᠨᠳᠡᠯᠡᠨ ᠢᠶᠠᠷ ᠬᠠᠷᠢᠯᠴᠠᠨ ᠬᠥᠳᠡᠯᠦᠯᠴᠡᠬᠦ ᠪᠠ ᠣᠯᠠᠨ ᠲᠠᠯ᠎ᠠ ᠶᠢᠨ ᠣᠷᠣᠯᠴᠠᠬᠤ ᠶᠢ ᠭᠦᠨᠵᠡᠭᠡᠶᠢᠷᠡᠭᠦᠯᠵᠦ᠂ ᠦᠨᠡᠯᠡᠨ ᠵᠢᠱᠢᠬᠦ ᠪᠠᠷᠢᠮᠵᠢᠶ᠎ᠠ ᠪᠠ ᠬᠥᠭᠵᠢᠯᠲᠡ ᠶᠢᠨ ᠪᠠᠶᠢᠳᠠᠯ ᠢ ᠣᠨᠣᠪᠴᠢᠲᠠᠶ ᠡᠵᠡᠮᠳᠡᠵᠦ᠂ ᠪᠠᠶᠢᠳᠠᠯ ᠢ ᠪᠤᠰᠤᠳᠴᠢ ᠪᠥᠭᠡᠳ ᠲᠥᠪ ᠭᠤᠤᠯᠴᠢ ᠪᠠᠷ ᠲᠤᠰᠬᠠᠵᠤ᠂ ᠠᠷᠭᠠᠴᠠᠬᠤ ᠪᠣᠳᠣᠯᠭ᠎ᠠ ᠰᠠᠨᠠᠭᠤᠯᠭ᠎ᠠ ᠶᠢ ᠣᠨᠣᠪᠴᠢᠲᠠᠶ ᠳᠤᠷᠠᠳᠬᠤ ᠬᠡᠷᠡᠭᠲᠡᠶ᠃      ︵ᠬᠤᠶᠠᠷ︶ ᠦᠨᠡᠯᠡᠨ ᠵᠢᠱᠢᠬᠦ ᠭᠤᠣᠯᠳᠠᠯᠭ᠎ᠠ    ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠶᠢ ᠬᠡᠷᠡᠭᠵᠢᠭᠦᠯᠦᠭᠰᠡᠨ ᠪᠠᠶᠢᠳᠠᠯ ᠤᠨ ᠳᠤᠮᠳᠠ ᠬᠤᠭᠤᠴᠠᠭᠠᠨ ᠤ ᠦᠨᠡᠯᠡᠯᠲᠡ ᠪᠠ ᠲᠣᠬᠢᠷᠠᠭᠤᠯᠤᠯᠲᠠ ᠶᠢᠨ ᠠᠵᠢᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠭᠰᠠᠨ ᠰᠠᠭᠤᠷᠢᠨ ᠳᠡᠭᠡᠷ᠎ᠡ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢᠨ ᠰᠠᠭᠤᠷᠢᠨ ᠳᠡᠭᠡᠷ᠎ᠡ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠭᠤᠤᠯᠳᠠᠯᠭ᠎ᠠ᠂ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠷᠰᠢᠯᠭ᠎ᠠ ᠪᠠᠨ ᠳ᠋ᠦᠩᠨᠡᠨ᠂ ᠳᠤᠲᠠᠭᠤᠳᠠᠯ ᠢᠶᠠᠨ ᠡᠷᠢᠵᠦ᠂ ᠰᠢᠯᠲᠠᠭᠠᠨ ᠢᠶᠠᠨ ᠵᠠᠳᠠᠯᠵᠤ᠂ ᠠᠷᠭᠠᠴᠠᠬᠤ ᠪᠣᠳᠣᠯᠭ᠎ᠠ ᠳᠤᠷᠠᠳᠴᠤ᠂ ᠭᠦᠨ ᠳᠠᠪᠬᠤᠷᠭ᠎ᠠ ᠶᠢᠨ ᠵᠥᠷᠢᠴᠡᠯ ᠪᠠ ᠠᠶᠤᠯ ᠲᠦᠭᠰᠢᠭᠦᠷᠢ ᠶᠢᠨ ᠳᠠᠯᠳᠠ ᠬᠡᠮ ᠢ ᠢᠯᠡᠷᠡᠭᠦᠯᠬᠦ ᠶᠢ ᠴᠢᠬᠤᠯᠠᠴᠢᠯᠠᠵᠤ᠂ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠤ ᠳᠠᠷᠠᠭᠠᠬᠢ ᠭᠤᠤᠯᠳᠠᠯᠭ᠎ᠠ ᠲᠠᠢ ᠡᠭᠦᠷᠭᠡ ᠪᠠ ᠠᠷᠭᠠᠴᠠᠬᠤ ᠪᠣᠳᠣᠯᠭ᠎ᠠ ᠰᠠᠨᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠡᠭᠦᠨ ᠳᠤ ᠭᠤᠣᠯᠳᠠᠭᠤ ᠵᠢᠷᠭᠤᠭᠠᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠪᠠᠭᠲᠠᠭᠠᠨ᠎ᠠ᠄    ︵ᠨᠢᠭᠡ ︶ ᠭᠤᠤᠯ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ᠃ ︵ᠬᠤᠶᠠᠷ︶ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠃ ︵ᠭᠤᠷᠪᠠ︶ ᠭᠤᠤᠯᠳᠠᠯᠭ᠎ᠠ ᠲᠠᠢ ᠡᠭᠦᠷᠭᠡ ᠶᠢ ᠲᠦᠯᠬᠢᠨ ᠠᠬᠢᠭᠤᠯᠵᠤ ᠪᠠᠶᠢᠭ᠎ᠠ ᠪᠠᠶᠢᠳᠠᠯ᠃ ︵ᠲᠦᠷᠪᠡ︶ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠃ ︵ᠲᠠᠪᠤ ︶ ᠲᠤᠰᠬᠠᠶ ᠵᠦᠢᠯ ᠤᠨ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠃ ︵ᠵᠢᠷᠭᠤᠭ᠎ᠠ︶ ᠲᠥᠯᠥᠪᠯᠡᠭᠡ ᠶᠢ ᠬᠡᠷᠡᠭᠵᠢᠭᠦᠯᠬᠦ ᠶᠢ ᠠᠬᠢᠭᠤᠯᠬᠤ ᠠᠷᠭ᠎ᠠ ᠪᠣᠳᠣᠯᠭ᠎ᠠ ᠶᠢᠨ ᠰᠠᠨᠠᠭᠤᠯᠭ᠎ᠠ᠃       ︵ᠭᠤᠷᠪᠠ︶  ᠦᠨᠡᠯᠡᠨ ᠵᠢᠱᠢᠬᠦ ᠠᠷᠭ᠎ᠠ ᠬᠡᠯᠪᠡᠷᠢ    ︵ᠨᠢᠭᠡ︶ ᠥᠪᠡᠷ ᠢ ᠪᠠᠨ ᠦᠨᠡᠯᠡᠨ ᠵᠢᠱᠢᠬᠦ ᠪᠠ ᠭᠤᠷᠪᠠᠳᠤᠬᠠᠷ ᠡᠲᠡᠭᠡᠳ ᠤᠨ ᠦᠨᠡᠯᠡᠯᠲᠡ ᠶᠢ  ᠤᠶᠠᠯᠳᠤᠭᠤᠯᠬᠤ ᠬᠡᠷᠡᠭᠲᠡᠶ᠃ ︵ᠬᠤᠶᠠᠷ︶ ᠶᠡᠷᠦᠩᠬᠡᠶᠢᠯᠡᠨ ᠦᠨᠡᠯᠡᠨ ᠵᠢᠱᠢᠬᠦ ᠪᠠ ᠲᠤᠰᠬᠠᠶ ᠵᠦᠢᠯ ᠢᠶᠠᠷ ᠦᠨᠡᠯᠡᠨ ᠵᠢᠱᠢᠬᠦ ᠶᠢ ᠤᠶᠠᠯᠳᠤᠭᠤᠯᠬᠤ ᠬᠡᠷᠡᠭᠲᠡᠶ᠃ ︵ᠭᠤᠷᠪᠠ︶ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠶᠠᠯᠳᠤᠭᠤᠯᠬᠤ ᠬᠡᠷᠡᠭᠲᠡᠢ᠃ ︵ᠲᠦᠷᠪᠡ︶ ᠶᠠᠪᠤᠴᠠ ᠶᠢ ᠦᠨᠡᠯᠡᠨ ᠵᠢᠱᠢᠬᠦ ᠪᠠ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠬᠠᠷᠢᠯᠴᠠᠨ ᠤᠶᠠᠯᠳᠤᠭᠤᠯᠬᠤ ᠬᠡᠷᠡᠭᠲᠡᠢ ᠃         ︵ᠲᠦᠷᠪᠡ︶ ᠦᠨᠡᠯᠡᠨ ᠵᠢᠱᠢᠬᠦ ᠡᠭᠦᠷᠭᠡ ᠶᠢᠨ ᠠᠵᠢᠯ ᠤᠨ ᠬᠤᠪᠢᠶᠠᠷᠢᠯᠠᠯ    ︵ᠨᠢᠭᠡ︶ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ    1᠂ ᠪᠥᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠬᠦ ᠪᠠ ᠳᠣᠭᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠵᠢᠴᠢ ᠲᠤᠭᠤᠷᠪᠢᠨ ᠪᠢᠴᠢᠬᠦ ᠳᠤᠭᠤᠶᠢᠯᠠᠩ ᠢ ᠪᠠᠶᠢᠭᠤᠯᠤᠨ᠎ᠠ᠃    2᠂ ᠪᠥᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠳᠤᠮᠳᠠ ᠬᠤᠭᠤᠴᠠᠭᠠᠨ ᠤ ᠦᠨᠡᠯᠡᠯᠲᠡ ᠪᠠ ᠳᠤᠮᠳᠠ ᠬᠤᠭᠤᠴᠠᠭᠠᠨ ᠤ ᠲᠣᠬᠢᠷᠠᠭᠤᠯᠤᠯᠲᠠ ᠶᠢᠨ ᠮᠡᠳᠡᠭᠦᠯᠦᠯᠲᠡ ᠶᠢ ᠲᠦᠷᠦᠭᠦᠯᠡᠨ ᠲᠤᠭᠤᠷᠪᠢᠵᠤ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢᠶᠠᠷ ᠬᠢᠨᠠᠨ ᠵᠥᠪᠯᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃    3᠂ ᠪᠥᠬᠦ ᠬᠤᠰᠢᠭᠤᠨ ᠤ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠳᠤᠮᠳᠠ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠭᠦᠯᠦᠯᠲᠡ ᠶᠢ ᠲᠦᠷᠦᠭᠦᠯᠡᠨ ᠲᠤᠭᠤᠷᠪᠢᠨ ᠪᠢᠴᠢᠨ᠎ᠡ᠃    4 ᠂ ᠭᠤᠷᠪᠠᠳᠠᠬᠢ ᠡᠲᠡᠭᠡᠳ ᠤᠨ ᠰᠤᠳᠤᠯᠬᠤ ᠪᠠᠶᠢᠭᠤᠯᠤᠮᠵᠢ ᠶᠢ ᠤᠷᠢᠭᠰᠠᠨ ᠪᠥᠭᠡᠳ ᠵᠣᠬᠢᠶᠠᠨ ᠪᠠᠶᠢᠭᠤᠯᠵᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠶᠢ ᠥᠷᠨᠢᠭᠦᠯᠦᠨ᠎ᠡ᠃    ︵ᠬᠤᠶᠠᠷ︶ ᠬᠤᠰᠢᠭᠤᠨ ᠤ ᠲᠤᠭ᠎ᠠ ᠪᠦᠷᠢᠳᠭᠡᠯ ᠤᠨ ᠲᠤᠪᠴᠢᠶ᠎ᠠ    1 ᠂ ᠪᠥᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ᠂ ᠲᠤᠭ᠎ᠠ ᠪᠠᠷᠢᠮᠲᠠ ᠶᠢᠨ ᠵᠠᠳᠠᠯᠤᠯᠲᠠ ᠪᠠ ᠬᠢᠨᠠᠨ ᠰᠢᠨᠵᠢᠯᠡᠯᠲᠡ ᠬᠢᠵᠦ᠂ ᠲᠤᠰᠬᠠᠶ ᠵᠦᠢᠯ ᠤᠨ ᠨᠠᠷᠢᠨ ᠲᠠᠩᠰᠠ ᠶᠢ ᠦᠨᠡᠯᠡᠨ ᠵᠢᠱᠢᠬᠦ ᠮᠡᠳᠡᠭᠦᠯᠦᠯᠲᠡ ᠶᠢᠨ ᠳᠠᠭᠠᠯᠳᠤᠭᠤᠯᠤᠯ ᠪᠣᠯᠭᠠᠬᠤ ᠶᠢ ᠬᠠᠷᠢᠭᠤᠴᠠᠨ᠎ᠠ᠃    2 ᠂ ᠦᠨᠡᠯᠡᠨ ᠵᠢᠱᠢᠭᠰᠡᠨ ᠮᠡᠳᠡᠭᠦᠯᠦᠯᠲᠡ ᠶᠢᠨ ᠲᠤᠭᠤᠷᠪᠢᠨ ᠪᠢᠴᠢᠬᠦ ᠳᠤᠭᠤᠶᠢᠯᠠᠩ ᠳᠤ ᠲᠤᠰᠬᠠᠶ ᠬᠥᠮᠦᠨ ᠲᠣᠬᠢᠷᠠᠭᠤᠯᠤᠨ ᠣᠷᠣᠯᠴᠠᠭᠤᠯᠤᠨ᠎ᠠ᠃    ︵ᠭᠤᠷᠪᠠ︶ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ     1᠂ ᠲᠣᠰ ᠲᠣᠰ ᠤᠨ ᠬᠠᠷᠢᠭᠤᠴᠠᠵᠤ ᠪᠠᠶᠢᠭ᠎ᠠ ᠪᠥᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠶᠢᠨ ᠬᠠᠮᠢᠶ᠎ᠠ ᠪᠥᠬᠦᠶ ᠬᠦᠷᠢᠶᠡᠨ ᠤ ᠬᠠᠷᠠᠯᠲᠠᠲᠤ ᠬᠦᠢᠴᠡᠳᠬᠡᠯ ᠲᠤᠭ᠎ᠠ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠤᠯᠳᠠᠯᠭ᠎ᠠ ᠲᠠᠢ ᠡᠭᠦᠷᠭᠡ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ ᠪᠠᠶᠢᠳᠠᠯ ᠵᠢᠴᠢ ᠦᠷ᠎ᠡ ᠪᠦᠲᠦᠮᠵᠢ ᠶᠢᠨ ᠠᠬᠢᠴᠠ ᠶᠢ ᠪᠥᠬᠦ ᠲᠠᠯ᠎ᠠ ᠪᠠᠷ ᠦᠨᠡᠯᠡᠨ ᠵᠢᠱᠢᠵᠦ᠂ ᠡᠭᠦᠨ ᠳᠤ 24 ᠭᠤᠤᠯ ᠪᠣᠯᠬᠤ ᠬᠦᠢᠴᠡᠳᠭᠡᠯ ᠲᠤᠭ᠎ᠠ ᠵᠢᠴᠢ 17 ᠲᠤᠰᠬᠠᠶ ᠪᠤᠯᠤᠩ ᠳᠠᠬᠢ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠳᠤ ᠪᠡᠶᠡᠯᠡᠭᠦᠯᠦᠭᠰᠡᠨ ᠠᠬᠢᠴᠠ᠂ ᠵᠢᠱᠢᠭᠰᠡᠨ ᠪᠠᠷᠠᠯᠠᠯ ᠵᠢᠴᠢ ᠬᠠᠮᠢᠶ᠎ᠠ ᠪᠥᠬᠦᠶ ᠲᠣᠳᠣᠷᠬᠠᠶᠢᠯᠠᠯᠲᠠ ᠬᠠᠩᠭᠠᠵᠤ᠂ ᠳᠤᠮᠳᠠ ᠬᠤᠭᠤᠴᠠᠭᠠᠨ ᠤ ᠦᠨᠡᠯᠡᠨ ᠵᠢᠱᠢᠭᠰᠡᠨ ᠪᠠᠶᠢᠳᠠᠯ ᠤᠨ ᠮᠡᠳᠡᠭᠦᠯᠦᠯᠲᠡ ᠶᠢ ᠪᠦᠷᠢᠯᠳᠦᠭᠦᠯᠦᠭᠡᠳ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠬᠦᠷᠭᠡᠨ᠎ᠡ᠃    2 ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠬᠥᠭᠵᠢᠯᠲᠡ ᠶᠢᠨ ᠬᠠᠷᠠᠯᠲᠠ᠂ ᠬᠥᠭᠵᠢᠯᠲᠡ ᠶᠢᠨ ᠭᠤᠤᠯᠳᠠᠯᠭ᠎ᠠ ᠵᠢᠴᠢ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠲᠠᠢ ᠤᠶᠠᠯᠳᠤᠭᠤᠯᠤᠨ᠂ ᠪᠥᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠳᠤ ᠲᠣᠬᠢᠷᠠᠭᠤᠯᠤᠯᠲᠠ ᠬᠢᠵᠦ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠪᠠ᠂ ᠡᠭᠦᠨ ᠳᠤ ᠲᠥᠯᠥᠪᠵᠢᠭᠦᠯᠭᠡ ᠶᠢᠨ ᠬᠠᠷᠠᠯᠲᠠ᠂ ᠴᠢᠬᠤᠯᠠ ᠶᠡᠭᠡ ᠪᠠᠶᠢᠷᠢ ᠲᠣᠭᠲᠠᠭᠠᠯᠲᠠ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠤᠯᠳᠠᠯᠭ᠎ᠠ ᠲᠠᠢ ᠡᠭᠦᠷᠭᠡ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠳᠤ ᠲᠣᠬᠢᠷᠠᠭᠤᠯᠤᠯᠲᠠ ᠬᠢᠬᠦ ᠰᠠᠨᠠᠭᠤᠯᠭ᠎ᠠ ᠶᠢᠨ ᠮᠡᠳᠡᠭᠦᠯᠦᠯᠲᠡ ᠶᠢ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠬᠦᠷᠭᠡᠨ᠎ᠡ᠃    3᠂ ︽ᠠᠤᠬᠠᠨ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠥᠰᠦᠯ︾ ᠳᠠᠬᠢ ᠭᠤᠤᠯᠳᠠᠯᠭ᠎ᠠ ᠲᠠᠢ ᠲᠤᠰᠬᠠᠶ ᠲᠥᠯᠥᠪᠵᠢᠭᠦᠯᠭᠡ ᠳᠤ ᠵᠢᠭᠰᠠᠭᠠᠨ ᠣᠷᠣᠭᠤᠯᠵᠤ᠂ ︽ᠬᠡᠨ ᠨᠠᠶᠢᠷᠠᠭᠤᠯᠤᠨ ᠵᠣᠬᠢᠶᠠᠭᠰᠠᠨ ᠪᠣᠯ ᠬᠡᠨ ᠦᠨᠡᠯᠡᠨ ᠵᠢᠱᠢᠬᠦ︾ ᠵᠠᠷᠴᠢᠮ ᠶᠣᠰᠣᠭᠠᠷ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠡᠯᠡᠨ ᠵᠢᠱᠢᠭᠰᠡᠨ ᠮᠡᠳᠡᠭᠦᠯᠦᠯᠲᠡ ᠪᠣᠯᠭᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠬᠦᠷᠭᠡᠨ᠎ᠡ᠃    4. ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠳᠤ ᠲᠣᠳᠣᠷᠬᠠᠶᠢᠯᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠢᠨᠵᠧᠨᠧᠷᠢᠩ ᠤᠨ ᠲᠥᠷᠥᠯ ᠵᠦᠢᠯ ᠵᠡᠷᠭᠡ ᠶᠢᠨ ᠲᠣᠭᠤᠷᠢᠨ ᠳᠤ᠂ ᠲᠣᠰ ᠠᠵᠢᠯ ᠲᠥᠷᠥᠯ᠂ ᠲᠣᠰ ᠬᠦᠷᠢᠶᠡᠨ ᠳᠠᠬᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠬᠦᠷᠭᠡᠨ᠎ᠡ ᠃     ︵ᠲᠦᠷᠪᠡ︶ ᠡᠯ᠎ᠡ ᠰᠢᠶᠠᠩ ᠪᠠᠯᠭᠠᠰᠤ ᠰᠤᠮᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ  ᠬᠡᠷᠡᠭ ᠡᠷᠬᠢᠯᠡᠬᠦ ᠭᠠᠵᠠᠷ    1. ᠲᠣᠰ ᠭᠠᠵᠠᠷ ᠣᠷᠣᠨ ᠳᠤ ᠠᠤᠬᠠᠨ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠶᠢᠨ ᠭᠤᠤᠯ ᠬᠠᠷᠠᠯᠲᠠᠲᠤ ᠬᠦᠢᠴᠡᠳᠬᠡᠯ ᠲᠤᠭ᠎ᠠ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ᠂ ᠴᠢᠬᠤᠯᠠ ᠶᠡᠭᠡ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠪᠠᠶᠢᠳᠠᠯ ᠢ ᠪᠥᠬᠦ ᠲᠠᠯ᠎ᠠ ᠪᠠᠷ ᠦᠨᠡᠯᠡᠨ ᠵᠢᠱᠢᠵᠦ᠂ ᠦᠨᠡᠯᠡᠨ ᠵᠢᠱᠢᠭᠰᠡᠨ ᠮᠡᠳᠡᠭᠦᠯᠦᠯᠲᠡ ᠶᠢ ᠪᠣᠶ ᠪᠣᠯᠭᠠᠵᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠬᠦᠷᠭᠡᠨ᠎ᠡ᠃    2. ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠬᠥᠭᠵᠢᠯᠲᠡ ᠶᠢᠨ ᠬᠠᠷᠠᠯᠲᠠ᠂ ᠬᠥᠭᠵᠢᠯᠲᠡ ᠶᠢᠨ ᠭᠤᠤᠯᠳᠠᠯᠭ᠎ᠠ ᠵᠢᠴᠢ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠲᠠᠢ ᠤᠶᠠᠯᠳᠤᠭᠤᠯᠤᠨ᠂ ᠪᠥᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠳᠤ ᠲᠣᠬᠢᠷᠠᠭᠤᠯᠤᠯᠲᠠ ᠬᠢᠵᠦ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠪᠠ᠂ ᠡᠭᠦᠨ ᠳᠤ ᠲᠥᠯᠥᠪᠵᠢᠭᠦᠯᠭᠡ ᠶᠢᠨ ᠬᠠᠷᠠᠯᠲᠠ᠂ ᠴᠢᠬᠤᠯᠠ ᠶᠡᠭᠡ ᠪᠠᠶᠢᠷᠢ ᠲᠣᠭᠲᠠᠭᠠᠯᠲᠠ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠤᠯᠳᠠᠯᠭ᠎ᠠ ᠲᠠᠢ ᠡᠭᠦᠷᠭᠡ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠳᠤ ᠲᠣᠬᠢᠷᠠᠭᠤᠯᠤᠯᠲᠠ ᠬᠢᠬᠦ ᠰᠠᠨᠠᠭᠤᠯᠭ᠎ᠠ ᠶᠢᠨ ᠮᠡᠳᠡᠭᠦᠯᠦᠯᠲᠡ ᠶᠢ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠬᠦᠷᠭᠡᠨ᠎ᠡ᠃    ︵ᠲᠠᠪᠤ︶ ᠦᠨᠡᠯᠡᠨ ᠵᠢᠱᠢᠬᠦ ᠠᠬᠢᠴᠠ ᠶᠢᠨ ᠲᠣᠬᠢᠷᠠᠭᠤᠯᠤᠯᠲᠠ    ︵ᠨᠢᠭᠡ︶ ᠡᠬᠢᠯᠡᠭᠦᠯᠬᠦ ᠱᠠᠲᠤ ᠄ 2023 ᠣᠨ ᠤ 4 ᠰᠠᠷ᠎ᠠ ᠳᠤ ᠪᠥᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠪᠠ ᠳᠤᠮᠳᠠ ᠬᠤᠭᠤᠴᠠᠭᠠᠨ ᠤ ᠲᠣᠬᠢᠷᠠᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠡᠬᠢᠯᠡᠭᠦᠯᠬᠦ ᠶᠢᠨ ᠬᠠᠮᠲᠤ ᠳᠣᠭᠢᠷᠠᠭᠤᠯᠤᠨ ᠪᠠᠶᠢᠷᠢᠯᠠᠭᠤᠯᠪᠠ᠃ ᠳᠡᠰ ᠳᠠᠷᠠᠭᠠᠯᠠᠯ ᠤᠨ ᠶᠣᠰᠣᠭᠠᠷ ᠭᠤᠷᠪᠠᠳᠠᠬᠢ ᠡᠲᠡᠭᠡᠳ ᠤᠨ ᠰᠤᠳᠤᠯᠬᠤ ᠪᠠᠶᠢᠭᠤᠯᠤᠮᠵᠢ ᠳᠤ ᠨᠠᠶᠢᠳᠠᠵᠤ ᠬᠠᠮᠢᠶ᠎ᠠ ᠪᠦᠬᠦᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃    ︵ᠬᠤᠶᠠᠷ︶ ᠪᠠᠶᠢᠴᠠᠭᠠᠨ ᠰᠤᠳᠤᠯᠬᠤ ᠱᠠᠲᠤ᠄ 2023 ᠣᠨ ᠤ 4 ᠰᠠᠷ᠎ᠠ—2023 ᠣᠨ ᠤ 5 ᠰᠠᠷ᠎ᠠ ᠪᠣᠯᠲᠠᠯ᠎ᠠ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠰᠢᠷᠢᠰ ᠪᠠᠶᠢᠴᠠᠭᠠᠨ ᠰᠤᠳᠤᠯᠤᠯᠲᠠ ᠪᠠ ᠣᠯᠠᠨ ᠬᠦᠷᠢᠶᠡᠨ ᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠶᠢᠨ ᠬᠠᠷᠢᠭᠤᠴᠠᠬᠤ ᠬᠦᠷᠢᠶ᠎ᠡ ᠵᠢᠴᠢ ᠲᠦᠷᠦᠭᠦᠯᠡᠨ ᠬᠠᠷᠢᠭᠤᠴᠠᠬᠤ ᠭᠤᠤᠯᠳᠠᠯᠭ᠎ᠠ ᠲᠠᠢ ᠲᠤᠰᠬᠠᠶ ᠲᠥᠯᠥᠪᠵᠢᠭᠦᠯᠭᠡ ᠶᠢᠨ ᠪᠠᠶᠢᠴᠠᠭᠠᠨ ᠰᠤᠳᠤᠯᠤᠯᠲᠠ ᠶᠢᠨ ᠠᠵᠢᠯ ᠢ ᠵᠡᠷᠭᠡᠪᠡᠷ ᠥᠷᠨᠢᠭᠦᠯᠦᠨ᠎ᠡ᠃ 5 ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠢᠶᠠᠨ ᠥᠪᠡᠰᠦᠪᠡᠨ ᠦᠨᠡᠯᠡᠭᠰᠡᠨ ᠮᠡᠳᠡᠭᠦᠯᠦᠯᠲᠡ ᠪᠠ ᠪᠥᠬᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠳᠤ ᠲᠣᠬᠢᠷᠠᠭᠤᠯᠤᠯᠲᠠ ᠬᠢᠵᠦ ᠵᠠᠰᠠᠪᠤᠷᠢ ᠣᠷᠣᠭᠤᠯᠬᠤ ᠰᠠᠨᠠᠭᠤᠯᠭ᠎ᠠ ᠶᠢᠨ ᠮᠡᠳᠡᠭᠦᠯᠦᠯᠲᠡ ᠶᠢ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ  ᠬᠦᠷᠭᠡᠨ᠎ᠡ᠃    ︵ᠭᠤᠷᠪᠠ  ︶ ᠲᠤᠭᠤᠷᠪᠢᠨ ᠪᠢᠴᠢᠬᠦ ᠮᠡᠳᠡᠭᠦᠯᠦᠯᠲᠡ ᠶᠢᠨ ᠱᠠᠲᠤ᠄ 2023 ᠣᠨ ᠤ 5 ᠰᠠᠷ᠎ᠠ — 2023 ᠣᠨ ᠤ 7 ᠰᠠᠷ᠎ᠠ ᠳᠤ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ︽ᠠᠤᠬᠠᠨ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ︿ᠬᠥᠲᠥᠯᠪᠦᠷᠢ﹀ ᠶᠢ ᠬᠡᠷᠡᠭᠵᠢᠭᠦᠯᠦᠭᠰᠡᠨ ᠪᠠᠶᠢᠳᠠᠯ ᠤᠨ ᠳᠤᠮᠳᠠ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠭᠦᠯᠦᠯᠲᠡ︾ ︵ᠰᠠᠨᠠᠯ ᠬᠤᠷᠢᠶᠠᠬᠤ ᠨᠣᠤᠷᠠᠭ︶ ᠵᠢᠴᠢ ︽ᠠᠤᠬᠠᠨ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ︿ᠬᠥᠲᠥᠯᠪᠦᠷᠢ︾ ᠳᠤ ᠲᠣᠬᠢᠷᠠᠭᠤᠯᠤᠯᠲᠠ ᠬᠢᠵᠦ ᠵᠠᠰᠠᠪᠤᠷᠢ ᠣᠷᠣᠭᠤᠯᠬᠤ ᠰᠠᠨᠠᠭᠤᠯᠭ᠎ᠠ ᠶᠢᠨ ᠮᠡᠳᠡᠭᠦᠯᠦᠯᠲᠡ︾ ︵ᠰᠠᠨᠠᠯ ᠬᠤᠷᠢᠶᠠᠬᠤ ᠨᠣᠤᠷᠠᠭ ᠢ ᠲᠤᠭᠤᠷᠪᠢᠵᠤ ᠳᠠᠭᠤᠰᠬᠠᠨ᠎ᠠ᠃︶ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠰᠠᠨᠠᠯ ᠢ ᠲᠤᠰ ᠲᠤᠰ ᠬᠤᠷᠢᠶᠠᠪᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ 5 ᠰᠠᠷ᠎ᠠ ᠶᠢᠨ ᠰᠡᠭᠦᠯᠴᠢ ᠠᠴᠠ ᠡᠮᠦᠨ᠎ᠡ ︽ᠠᠤᠬᠠᠨ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠲᠥᠰᠦᠯ︾ ᠳᠠᠬᠢ ᠭᠤᠤᠯᠳᠠᠯᠭ᠎ᠠ ᠲᠠᠢ ᠲᠤᠰᠬᠠᠶ ᠲᠥᠷᠥᠯ ᠤᠨ ᠲᠥᠯᠥᠪᠵᠢᠭᠦᠯᠭᠡ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠭᠦᠯᠦᠯᠲᠡ ᠶᠢ ᠲᠦᠷᠦᠭᠦᠯᠡᠨ ᠬᠠᠷᠢᠭᠤᠴᠠᠬᠤ ᠶᠢᠨ ᠬᠠᠮᠲᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ  ᠬᠦᠷᠭᠡᠨ᠎ᠡ᠃    ︵ᠳᠥᠷᠪᠡ ︶ ᠮᠡᠳᠡᠭᠦᠯᠦᠯᠲᠡ ᠶᠢ ᠬᠢᠨᠠᠨ ᠵᠥᠪᠯᠡᠬᠦ ᠱᠠᠲᠤ᠄ 2023 ᠣᠨ ᠤ 7 ᠰᠠᠷ᠎ᠠ ᠠᠴᠠ— 2023 ᠣᠨ ᠤ 8 ᠰᠠᠷ᠎ᠠ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠬᠠᠮᠢᠶ᠎ᠠ ᠪᠥᠬᠦᠶ ᠲᠥᠯᠥᠪᠵᠢᠭᠦᠯᠭᠡ ᠲᠠᠢ ᠵᠣᠯᠭᠠᠭᠤᠯᠬᠤ ᠪᠠ ᠴᠢᠷᠮᠠᠶᠢᠨ ᠤᠯᠬᠤ ᠡᠷᠴᠢᠮ ᠢᠶᠠᠨ ᠴᠢᠩᠭᠠᠷᠠᠭᠤᠯᠵᠤ᠂ ᠮᠠᠨ ᠤ ᠬᠤᠰᠢᠭᠤᠨ ᠳᠤ ᠬᠤᠯᠪᠣᠭᠳᠠᠬᠤ ᠴᠢᠬᠤᠯᠠ ᠶᠡᠭᠡ ᠪᠠᠶᠢᠷᠢ ᠲᠣᠭᠲᠠᠭᠠᠯᠲᠠ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠵᠦᠢᠯᠡᠰ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠬᠠᠮᠢᠶ᠎ᠠ ᠪᠥᠬᠦᠶ ᠲᠥᠯᠥᠪᠵᠢᠭᠦᠯᠭᠡ ᠳᠤ ᠨᠠᠩ ᠣᠯᠠᠨ ᠣᠷᠣᠭᠤᠯᠬᠤ ᠪᠠᠷ ᠴᠢᠷᠮᠠᠶᠢᠨ᠎ᠠ᠃ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠵᠦ ᠲᠣᠬᠢᠷᠠᠭᠤᠯᠤᠯᠲᠠ ᠬᠢᠬᠦ ᠠᠬᠢᠴᠠ ᠶᠢᠨ ᠲᠣᠬᠢᠷᠠᠭᠤᠯᠤᠯᠲᠠ ᠶᠢ ᠦᠨᠳᠦᠰᠦᠯᠡᠨ᠂ ᠲᠠᠰ ᠳᠠᠷᠠᠭᠠᠯᠠᠯ ᠤᠨ ᠶᠣᠰᠣᠭᠠᠷ ᠴᠠᠭ ᠲᠤᠨᠢ ᠳᠣᠭᠢᠷᠠᠭᠤᠯᠤᠨ ᠲᠣᠰ ᠲᠣᠰ ︽ᠠᠤᠬᠠᠨ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ︿ᠬᠥᠲᠥᠯᠪᠦᠷᠢ﹀ ᠶᠢ ᠬᠡᠷᠡᠭᠵᠢᠭᠦᠯᠦᠭᠰᠡᠨ ᠪᠠᠶᠢᠳᠠᠯ ᠤᠨ ᠳᠤᠮᠳᠠ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠭᠦᠯᠦᠯᠲᠡ︾ ︵ᠬᠦᠷᠭᠡᠨ ᠬᠢᠨᠠᠭᠤᠯᠬᠤ ᠨᠣᠤᠷᠠᠭ︶ ᠵᠢᠴᠢ ︽ᠠᠤᠬᠠᠨ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ︿ᠬᠥᠲᠥᠯᠪᠦᠷᠢ﹀ ᠳᠤ ᠲᠣᠬᠢᠷᠠᠭᠤᠯᠤᠯᠲᠠ ᠬᠢᠵᠦ ᠵᠠᠰᠠᠪᠤᠷᠢ ᠣᠷᠣᠭᠤᠯᠬᠤ ᠰᠠᠨᠠᠭᠤᠯᠭ᠎ᠠ ᠶᠢᠨ ᠮᠡᠳᠡᠭᠦᠯᠦᠯᠲᠡ︾ ︵ᠬᠦᠷᠭᠡᠨ ᠬᠢᠨᠠᠭᠤᠯᠬᠤ ᠨᠣᠤᠷᠠᠭ︶ ᠶᠢ ᠳᠡᠭᠡᠭᠰᠢ ᠮᠡᠳᠡᠭᠦᠯᠪᠡ᠃  ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠴᠠᠭ ᠲᠤᠨᠢ ᠳᠣᠭᠢᠷᠠᠭᠤᠯᠤᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃      ᠵᠢᠷᠭᠤᠭ᠎ᠠ︶ ᠬᠤᠯᠪᠣᠭᠳᠠᠯ ᠪᠦᠬᠦᠢ ᠱᠠᠭᠠᠷᠳᠠᠯᠭ᠎ᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃    ︵ᠬᠤᠶᠠᠷ ︶ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠶ᠃     ︵ᠭᠤᠷᠪᠠ︶ ᠬᠢᠨᠠᠨ ᠵᠥᠪᠯᠡᠬᠦ ᠵᠢᠷᠤᠮ ᠢ  ᠵᠢᠷᠤᠮᠵᠢᠭᠤᠯᠬᠤ ᠬᠡᠷᠡᠭᠲᠡᠢ᠃     ︵ᠲᠦᠷᠪᠡ︶ ᠲᠤᠭ᠎ᠠ ᠪᠠᠷᠢᠮᠲᠠ ᠶᠢᠨ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃     ︵ᠲᠠᠪᠤ  ︶ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃   ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠶᠢ ᠠᠬᠢᠭᠤᠯᠤᠨ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠡᠭᠦᠷᠭᠡ ᠶᠢᠨ ᠪᠠᠶᠢᠳᠠᠯ ᠢ ᠦᠨᠡᠯᠡᠨ ᠵᠢᠱᠢᠭᠰᠡᠨ ᠮᠡᠳᠡᠭᠦᠯᠦᠯᠲᠡ ᠶᠢ 6 ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠬᠠᠷᠢᠯᠴᠠᠬᠤ ᠬᠥᠮᠦᠨ᠄ ᠸᠠᠩ ᠵᠢᠶ ᠮᠢᠨ᠂ ᠤᠲᠠᠰᠤ᠄ 15334769487︶ ᠳᠤ ᠮᠡᠳᠡᠭᠦᠯᠦᠨ᠎ᠡ᠃    ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ  ᠰᠦᠯᠵᠢᠶ᠎ᠡ ᠠᠴᠠ ᠦᠵᠡᠭᠡᠷᠡᠢ ︕  
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号