ᠮᠠᠨᠢᠬᠠᠨ ᠰᠢᠶᠠᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠣᠲᠣᠭᠠᠳᠤ ᠬᠥᠳᠡᠯᠭᠡᠭᠦ ᠬᠦᠴᠦᠨ ᠢ ᠪᠦᠬᠦ ᠬᠦᠴᠦᠨ ᠢᠶᠠᠷ ᠢᠶᠠᠨ  ᠴᠢᠩᠭᠠᠳᠬᠠᠨ᠎ᠠ
ᠨᠡᠶᠢᠲᠡᠯᠡᠭᠰᠡᠨ ᠴᠠᠭ᠄
2023/2/14
     ︽ᠲᠣᠭᠲᠠᠭᠤᠨ︾ ᠤ ᠲᠣᠭᠤᠷᠢᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠪᠠ᠃ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭ  ᠣᠨᠤᠪᠴᠢᠲᠠᠢ ᠪᠠᠷ ᠨᠠᠶᠢᠳᠠᠪᠤᠷᠢᠵᠢᠭᠤᠯᠤᠨ᠂ ︽ᠭᠤᠷᠪᠠᠨ ᠲᠦᠷᠦᠯ︾ ᠤᠨ ᠡᠬᠡ ᠲᠠᠩᠰᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ  ᠲᠡᠭᠦᠯᠳᠡᠷᠵᠢᠭᠦᠯᠪᠡ᠃ ᠬᠢᠨᠠᠨ ᠰᠢᠯᠭᠠᠬᠤ ᠡᠲᠡᠭᠡᠳ ᠤᠨ ᠲᠦᠭᠰᠢᠭᠦᠷᠢ ᠶᠢᠨ ᠲᠥᠷᠥᠯ ᠢᠯᠭᠠᠯ᠂ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠶᠢ ᠦᠨᠳᠦᠰᠦᠯᠡᠨ ᠴᠢᠭᠯᠡᠭᠦᠯᠬᠦ ᠴᠢᠨᠠᠷᠲᠠᠢ ᠪᠠᠷ ᠬᠠᠪᠰᠤᠷᠤᠨ ᠲᠡᠳᠬᠦᠬᠦ ᠶᠢ ᠥᠷᠨᠢᠭᠦᠯᠵᠦ᠂ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠠᠵᠢᠯ ᠢ ᠲᠠᠰ ᠬᠤᠪᠢᠶᠠᠨ ᠲᠥᠷᠥᠯ ᠬᠤᠪᠢᠶᠠᠵᠤ ᠰᠠᠶᠢᠲᠤᠷ  ᠬᠢᠪᠡ᠃ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠂ ᠦᠨᠳᠦᠰᠦᠨ ᠵᠦᠢᠯ ᠢ ᠪᠠᠲᠤᠯᠠᠬᠤ᠂ ᠲᠦᠷ ᠴᠠᠭ ᠠᠪᠤᠷᠠᠨ ᠲᠤᠰᠠᠯᠠᠬᠤ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠷ ᠳᠡᠮᠵᠢᠨ᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠲᠦᠭᠰᠢᠭᠦᠷᠢ ᠶᠢ ᠪᠦᠲᠦᠮᠵᠢᠲᠡᠶ  ᠠᠷᠢᠯᠭᠠᠪᠠ᠃ ᠣᠲᠣ ᠪᠣᠯᠲᠠᠯ᠎ᠠ᠂ ᠰᠢᠨ᠎ᠡ ᠪᠠᠷ ᠬᠢᠨᠠᠨ  ᠰᠢᠯᠭᠠᠭᠰᠠᠨ 122 ᠡᠷᠦᠬᠡ 227 ᠬᠥᠮᠥᠨ ᠪᠠᠶᠢᠵᠤ᠂ ᠡᠷᠦᠬᠡ ᠶᠢᠨ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠡᠳ᠋ ᠬᠥᠷᠥᠩᠭᠡ ᠶᠢᠨ ᠠᠰᠢᠭ ᠣᠷᠣᠯᠭ᠎ᠠ ᠶᠢ ᠡᠳ᠋ᠯᠡᠵᠦ ᠪᠠᠶᠢᠭ᠎ᠠ ᠬᠥᠭᠰᠢᠨ ᠪᠠᠭᠤᠷᠠᠢ ᠡᠪᠡᠳᠴᠢᠨ ᠲᠠᠢ ᠵᠡᠮᠳᠡᠭ ᠨᠡᠶᠢᠲᠡ 709 ᠡᠷᠦᠬᠡ 1199 ᠬᠥᠮᠥᠨ ᠢ ᠬᠠᠮᠤᠷᠴᠤ᠂ ᠲᠡᠵᠢᠭᠡᠨ ᠦᠷᠡᠵᠢᠭᠦᠯᠬᠦ ᠲᠥᠷᠥᠯ ᠵᠦᠢᠯ ᠢ ᠡᠳ᠋ᠯᠡᠵᠦ ᠪᠠᠶᠢᠭ᠎ᠠ ᠨᠡᠶᠢᠲᠡ 13 ᠡᠷᠦᠬᠡ 34 ᠬᠥᠮᠥᠨ ᠢ ᠬᠠᠮᠤᠷᠴᠤ᠂ ᠲᠥᠷᠥᠯ ᠵᠦᠢᠯ ᠳᠤ 1392.4 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠪᠠ︔ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ 181 ᠬᠠᠩᠭᠠᠵᠤ᠂ ᠨᠥᠬᠦᠴᠡᠯ ᠳᠤ ᠨᠡᠶᠢᠴᠡᠭᠰᠡᠨ ᠶᠠᠳᠠᠭᠤ ᠠᠴᠠ ᠠᠩᠭᠢᠵᠢᠷᠠᠭᠤᠯᠵᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠨ ᠠᠮᠠ ᠳᠤ ᠮᠤᠵᠢ ᠠᠯᠤᠰᠯᠠᠨ ᠠᠵᠢᠯ ᠬᠥᠳᠡᠯᠮᠦᠷᠢ ᠬᠢᠵᠦ ᠪᠠᠶᠢᠭ᠎ᠠ ᠵᠠᠮ ᠬᠠᠷᠢᠯᠴᠠᠭᠠᠨ ᠤ ᠨᠥᠬᠦᠪᠦᠷᠢ ᠣᠯᠭᠤᠵᠤ᠂ ᠪᠦᠬᠦ ᠵᠢᠯ ᠳᠤ ᠬᠥᠳᠡᠯᠮᠦᠷᠢ ᠦᠢᠯᠡᠴᠢᠯᠡᠭᠡᠨ ᠤ ᠬᠥᠮᠥᠰ ᠢ 7000 ᠭᠠᠷᠤᠢ ᠬᠥᠮᠥᠨ ᠤᠳᠠᠭ᠎ᠠ ᠭᠠᠳᠠᠭᠰᠢ ᠭᠠᠷᠭᠠᠪᠠ᠃    ︽ᠰᠢᠯᠢᠳᠡᠭ︾ ᠢᠶᠠᠷ ᠭᠤᠣᠯᠯᠠᠭᠤᠯᠤᠨ᠂ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠣᠵᠠᠭᠠᠶᠢᠷᠠᠭᠤᠯᠪᠠ᠃ ︽ᠠᠵᠤ ᠦᠢᠯᠡᠰ ᠢᠶᠠᠷ ᠲᠣᠰᠬᠤᠨ ᠢ ᠬᠥᠭᠵᠢᠭᠦᠯᠬᠦ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠣᠰᠬᠤᠨ ᠤ ᠪᠠᠶᠢᠭᠠᠯᠢ ᠶᠢᠨ ᠡᠬᠢ ᠪᠠᠶᠠᠯᠢᠭ᠂ ᠭᠠᠵᠠᠷ ᠵᠦᠢ ᠶᠢᠨ ᠪᠠᠶᠢᠷᠢᠰᠢᠯ᠂ ᠡᠬᠢ ᠪᠠᠶᠠᠯᠢᠭ ᠤᠨ ᠲᠥᠷᠥᠯᠬᠢ ᠠᠪᠢᠶᠠᠰ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠮᠠᠨᠢᠬᠠᠨ ᠰᠢᠶᠠᠩ ᠤᠨ ᠬᠢᠨ ᠮᠢᠬᠠᠨ ᠨᠤᠭᠤᠰᠤᠨ ᠤ ᠠᠵᠤ ᠦᠢᠯᠡᠰ ᠢ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ 8 ᠵᠠᠰᠠᠭ ᠵᠠᠬᠢᠷᠭᠠᠨ ᠤ ᠲᠣᠰᠬᠤᠨ ᠤ  ᠮᠢᠬᠠᠨ ᠨᠤᠭᠤᠰᠤ ᠲᠡᠵᠢᠭᠡᠨ ᠦᠷᠡᠵᠢᠭᠦᠯᠬᠦ ᠲᠦᠷᠦᠯ ᠵᠦᠢᠯ ᠢ ᠪᠦᠬᠦᠨ ᠢ ᠼᠤᠤ ᠱᠧᠩ ᠶᠢᠩᠽᠢ ᠲᠣᠰᠬᠤᠨ ᠤ  ᠮᠢᠬᠠᠨ ᠨᠤᠭᠤᠰᠤᠨ ᠤ ᠠᠵᠤ ᠦᠢᠯᠡᠰ ᠤᠨ ᠬᠦᠷᠢᠶᠡᠯᠡᠩ ᠳᠤ ᠨᠤᠲᠤᠭᠰᠢᠭᠤᠯᠵᠤ᠂  ᠮᠢᠬᠠᠨ ᠨᠤᠭᠤᠰᠤᠨ ᠤ ᠠᠵᠤ ᠦᠢᠯᠡᠰ ᠤᠨ ᠡᠷᠴᠢᠮᠵᠢᠭᠦᠯᠦᠨ ᠬᠥᠭᠵᠢᠬᠦ ᠶᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠲᠠᠯᠠᠪᠠᠢ ᠨᠢ 270 ᠮᠦ ᠪᠠᠶᠢᠵᠤ᠂ 48 ᠰᠠᠭᠤᠷᠢ ᠨᠤᠭᠤᠰᠤᠨ ᠤ ᠡᠭᠦᠷ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 2600 ᠲᠦᠮᠡᠨ ᠲᠥᠭᠦᠷᠢᠭ ᠲᠤ ᠬᠦᠷᠴᠦ᠂ ᠵᠢᠯ ᠳᠤ 230 ᠲᠦᠮᠡᠨ ᠮᠢᠬᠠᠨ ᠨᠤᠭᠤᠰᠤ ᠭᠠᠷᠭᠠᠬᠤ ᠪᠣᠯᠣᠨ᠎ᠠ᠃ ᠮᠢᠬᠠᠨ ᠨᠤᠭᠤᠰᠤᠨ ᠤ ᠠᠵᠤ ᠦᠢᠯᠡᠰ ᠤᠨ ᠬᠦᠷᠢᠶᠡᠯᠡᠩ ᠳᠤ ︽ᠺᠣᠮᠫᠠᠨᠢ + ᠨᠠᠮ ᠤᠨ ᠡᠭᠦᠷ + ᠲᠠᠷᠢᠶᠠᠴᠢᠨ ᠡᠷᠦᠬᠡ︾ ᠶᠢᠨ ᠡᠵᠡᠩᠨᠡᠯᠲᠡ ᠬᠥᠭᠵᠢᠯᠲᠡ ᠶᠢᠨ ᠵᠠᠭᠪᠤᠷ ᠢ ᠬᠡᠷᠡᠭᠯᠡᠵᠦ᠂ ᠬᠦᠶ ᠯᠢᠦ ᠪᠦᠯᠦᠭᠯᠡᠯ ᠳᠤ ᠲᠦᠰᠢᠭᠯᠡᠨ ᠪᠦᠷᠢᠨ ᠲᠡᠭᠦᠯᠳᠡᠷ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠺᠣᠮᠫᠠᠨᠢ ᠶᠢᠨ ︽ᠨᠤᠭᠤᠰᠤ ᠶᠢ ᠨᠢᠭᠡᠳᠦᠯᠲᠡᠢ  ᠬᠤᠳᠠᠯᠳᠤᠨ ᠠᠪᠬᠤ᠂ ᠨᠢᠭᠡᠳᠦᠯᠲᠡᠢ ᠲᠡᠵᠢᠭᠡᠯ ᠪᠣᠷᠳᠤᠭ᠎ᠠ ᠲᠣᠬᠢᠷᠠᠭᠤᠯᠤᠨ ᠬᠦᠷᠭᠡᠬᠦ᠂ ᠨᠢᠭᠡᠳᠦᠯᠲᠡᠢ ᠮᠡᠷᠭᠡᠵᠢᠯ ᠤᠨ ᠬᠠᠮᠢᠶᠠᠷᠤᠯᠲᠠ᠂ ᠨᠢᠭᠡᠳᠦᠯᠲᠡᠢ ᠪᠣᠷᠣᠯᠠᠭᠤᠯᠤᠨ ᠬᠤᠳᠠᠯᠳᠤᠬᠤ︾ ᠳᠥᠷᠪᠡᠨ ᠨᠢᠭᠡᠳᠦᠯᠲᠡᠢ᠂ ᠨᠠᠮ ᠤᠨ ᠡᠭᠦᠷ ᠵᠣᠬᠢᠴᠠᠩᠭᠤᠢ᠂ ᠲᠣᠮᠣ ᠡᠷᠦᠬᠡ ᠪᠠᠷ ᠳᠠᠶᠢᠴᠢᠯᠠᠭᠰᠠᠨ ᠬᠥᠭᠵᠢᠯᠲᠡ ᠶᠢᠨ ᠵᠠᠭᠪᠤᠷ ᠢ  ᠬᠡᠷᠡᠭᠵᠢᠭᠦᠯᠪᠡ᠃ ᠪᠥᠬᠦ ᠰᠢᠶᠠᠩ ᠤᠨ 8 ᠵᠠᠰᠠᠭ ᠵᠠᠬᠢᠷᠭᠠᠨ ᠤ ᠲᠣᠰᠬᠤᠨ ᠤ ᠲᠣᠰᠬᠤᠨ ᠪᠦᠷᠢ ᠳᠤ ᠵᠢᠯ ᠪᠦᠷᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 15 ᠲᠦᠮᠡᠨ ᠲᠥᠭᠦᠷᠢᠭ ᠪᠤᠵᠠᠭᠠᠶᠢᠷᠠᠭᠤᠯᠵᠤ᠂ 50 ᠬᠥᠮᠥᠨ ᠢ ᠣᠶᠢᠷ᠎ᠠ ᠬᠠᠪᠢ ᠳᠤᠨᠢ ᠠᠵᠢᠯ  ᠣᠯᠭᠤᠪᠠ᠃    ︽ᠭᠤᠶᠤ ᠰᠠᠶᠢᠬᠠᠨ︾ ᠤ ᠲᠣᠭᠤᠷᠢᠨ ᠳᠤ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠤᠪᠤᠶᠢᠯᠭᠠᠪᠠ᠃ ︽ᠬᠦᠷᠢᠶ᠎ᠡ ᠬᠠᠰᠢᠶ᠎ᠠ ᠶᠢ ᠭᠤᠶᠣᠵᠢᠭᠤᠯᠬᠤ︾ ᠠᠵᠢᠯᠯᠠᠭ᠎ᠠ ᠶᠢ ᠥᠷᠨᠢᠭᠦᠯᠵᠦ᠂ ᠠᠶᠢᠯ ᠲᠣᠰᠬᠤᠨ ᠤ ᠣᠷᠴᠢᠨ ᠲᠣᠭᠤᠷᠢᠨ ᠤ ᠵᠠᠰᠠᠯᠲᠠ ᠶᠢ ᠶᠠᠪᠤᠭᠳᠠᠭᠤᠯᠪᠠ᠃ ᠪᠡᠭᠡᠵᠢᠩ ᠤᠨ ᠱᠠᠩ ᠵᠤᠸᠠᠩ ᠪᠠᠯᠭᠠᠰᠤ ᠶᠢᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠪᠡᠯᠡ ᠮᠥᠩᠭᠦ ᠶᠢ ᠠᠰᠢᠭᠯᠠᠨ᠂ 60 ᠲᠦᠮᠡᠨ ᠲᠥᠭᠦᠷᠢᠭ ᠤᠨ ᠪᠡᠯᠡ ᠣᠷᠣᠭᠤᠯᠵᠤ ᠱᠤᠸᠠᠩ ᠮᠢᠶᠣᠣ ᠲᠣᠰᠬᠤᠨ᠂ ᠼᠤᠤ ᠱᠧᠩ ᠶᠢᠩᠽᠢ ᠲᠣᠰᠬᠤᠨ ᠳᠤ ᠴᠢᠳᠠᠪᠤᠷᠢᠲᠠᠨ ᠤ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠲᠥᠪ ᠢ ᠥᠷᠭᠡᠳᠬᠡᠨ ᠪᠠᠶᠢᠭᠤᠯᠪᠠ᠃ ︽ᠣᠶᠤᠨᠲᠤ ᠨᠠᠮ ᠤᠨ ᠪᠠᠶᠢᠭᠤᠯᠤᠯᠲᠠ · ᠲᠣᠭᠠᠴᠢᠯᠠᠭᠰᠠᠨ ᠬᠥᠳᠡᠭᠡ ᠲᠣᠰᠬᠤᠨ︾ ᠤ ᠵᠠᠭᠪᠤᠷ ᠢ ᠪᠣᠶ ᠪᠣᠯᠭᠠᠵᠤ᠂ ᠨᠠᠮ ᠤᠨ ᠠᠵᠢᠯ ᠤᠨ ᠬᠠᠮᠢᠶᠠᠷᠤᠯᠲᠠ᠂ ᠨᠠᠮ ᠤᠨ ᠭᠡᠰᠢᠭᠦᠨ ᠤ ᠬᠥᠭᠵᠢᠯᠲᠡ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠵᠡᠷᠭᠡ 8 ᠴᠢᠳᠠᠮᠵᠢ ᠶᠢᠨ ᠬᠡᠰᠡᠭ ᠢᠶᠠᠷ ᠳᠠᠮᠵᠢᠭᠤᠯᠤᠨ᠂ ᠦᠵᠡᠭᠳᠡᠮᠡᠯ ᠣᠶᠤᠨ ᠤ ᠲᠠᠪᠴᠠᠩ ᠢ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠣᠭᠠᠴᠢᠯᠠᠯᠲᠠ᠂ ᠮᠡᠳᠡᠭᠡ ᠵᠠᠩᠭᠢᠵᠢᠯᠲᠠ ᠶᠢ  ᠪᠡᠶᠡᠯᠡᠭᠦᠯᠪᠡ᠃ ︽ᠲᠠᠪᠤᠨ ᠬᠦᠴᠦᠷᠬᠡᠭ︾ ᠤᠨ ᠪᠠᠷᠢᠮᠵᠢᠶ᠎ᠠ ᠪᠠᠷ ᠬᠠᠮᠤᠭ ᠤᠨ ᠬᠦᠴᠦᠷᠬᠡᠭ ᠨᠠᠮ ᠤᠨ ᠡᠭᠦᠷ ᠢ ᠪᠠᠶᠢᠭᠤᠯᠵᠤ᠂ ᠥᠨᠳᠥᠷ ᠪᠠᠷᠢᠮᠵᠢᠶ᠎ᠠ ᠪᠠᠷ ︽ᠨᠢᠭᠡ ᠲᠢᠩᠬᠢᠮ ᠲᠦᠷᠪᠡᠨ ᠦᠷᠦᠭᠡ ᠨᠢᠭᠡ ᠵᠢᠭᠰᠠᠭᠠᠯ ᠤᠨ ᠭᠠᠵᠠᠷ ᠨᠢᠭᠡ ᠭᠡᠷ︾ ᠢ ᠪᠠᠶᠢᠭᠤᠯᠪᠠ᠃ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠳᠤ ᠠᠷᠠᠳ ᠤᠨ ᠶᠠᠪᠤᠳᠠᠯ ᠤᠨ ᠠᠪᠤᠷᠠᠨ ᠲᠤᠰᠠᠯᠠᠬᠤ᠂ ᠣᠷᠣᠯᠠᠨ ᠭᠦᠢᠴᠡᠳᠬᠡᠬᠦ᠂ ᠨᠡᠶᠢᠭᠡᠮ ᠤᠨ ᠳᠠᠭᠠᠳᠬᠠᠯ ᠡᠮ ᠡᠮᠨᠡᠯᠭᠡ ᠶᠢᠨ ᠳᠠᠭᠠᠳᠬᠠᠯ᠂ ᠨᠠᠮ ᠤᠨ ᠪᠠᠶᠢᠭᠤᠯᠤᠯᠲᠠ ᠣᠯᠠᠨ ᠲᠦᠮᠡᠨ ᠤ ᠪᠦᠯᠬᠦᠮ᠂ ᠨᠠᠮ ᠤᠨ ᠭᠡᠰᠢᠭᠦᠨ ᠤ ᠦᠢᠯᠡᠴᠢᠯᠡᠭᠡ᠂ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ᠂ ᠵᠥᠪᠯᠡᠯᠭᠡ ᠥᠭᠴᠦ ᠵᠠᠭᠠᠯᠳᠤᠬᠤ ᠵᠡᠷᠭᠡ ᠦᠢᠯᠡᠴᠢᠯᠡᠭᠡᠨ ᠤ ᠣᠷᠣᠯᠠᠨ ᠭᠦᠢᠴᠡᠳᠬᠡᠬᠦ ᠴᠣᠩᠬᠤ ᠭᠠᠷᠭᠠᠵᠤ᠂ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠰᠢᠯᠵᠢᠭᠦᠯᠦᠨ ᠵᠠᠯᠭᠠᠬᠤ᠂ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠵᠡᠷᠭᠡ ᠪᠠᠷᠢᠨ ᠭᠦᠢᠴᠡᠳᠬᠡᠬᠦ᠂ ᠣᠷᠣᠯᠠᠨ ᠭᠦᠢᠴᠡᠳᠬᠡᠬᠦ 67 ᠵᠦᠢᠯ ᠤᠨ ᠦᠢᠯᠡᠴᠢᠯᠡᠭᠡᠨ ᠤ ᠵᠦᠢᠯᠡᠰ ᠢ ᠬᠠᠩᠭᠠᠬᠤ ᠪᠣᠯᠣᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号