| ᠣᠷᠴᠢᠮ ᠤᠨ ᠡᠳᠦᠷ᠂ ᠳ᠋ᠠ ᠪᠧᠢ ᠨᠦᠩ ᠲᠣᠭᠠᠴᠢᠯᠠᠭᠰᠠᠨ ᠪᠦᠯᠦᠭᠯᠡᠯ ᠤᠨ ᠳ᠋ᠠ ᠬᠤᠸᠠ ᠪᠧᠢ ᠲᠠᠪᠴᠠᠩ ᠤᠨ | ᠶᠡᠷᠦᠩᠬᠡᠢ ᠵᠠᠬᠢᠷᠤᠭᠴᠢ ᠸᠧᠢ ᠬᠤᠩ ᠰᠢᠩ ᠨᠠᠷ ᠠᠤᠬᠠᠨ ᠬᠤᠰᠢᠭᠤᠨ ᠳᠤ ᠰᠢᠨᠵᠢᠯᠡᠨ ᠪᠠᠶᠢᠴᠠᠭᠠᠬᠤ ᠶᠢᠨ ᠬᠠᠮᠲᠤ | ᠠᠤᠬᠠᠨ ᠨᠠᠷᠢᠮᠤ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠶᠠᠷᠢᠯᠴᠠᠨ ᠰᠣᠯᠢᠯᠴᠠᠪᠠ᠃ ᠬᠤᠰᠢᠭᠤᠨ ᠤ | ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ᠂ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ | ᠳᠠᠷᠤᠭ᠎ᠠ ᠸᠠᠩ ᠸᠧᠨ ᠽᠠᠨ ᠶᠠᠷᠢᠯᠴᠠᠬᠤ ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠨᠠᠷᠢᠮᠤ ᠶᠢᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ᠂ | ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ᠂ ᠨᠠᠷᠢᠮᠤ ᠶᠢᠨ ᠨᠡᠮᠡᠯᠲᠡ ᠦᠷᠳᠡᠭ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ | ᠰᠠᠨᠠᠯ ᠢᠶᠠᠨ ᠭᠦᠨᠵᠡᠭᠡᠢ ᠰᠣᠯᠢᠯᠴᠠᠵᠠᠢ᠃ | ᠸᠧᠢ ᠬᠤᠩ ᠰᠢᠩ ᠨᠠᠷ ᠢᠯᠡᠷᠬᠡᠶᠢᠯᠡᠬᠦ ᠳᠡᠭᠡᠨ᠂ ᠠᠤᠬᠠᠨ ᠬᠤᠰᠢᠭᠤᠨ ᠤ ᠨᠠᠷᠢᠮᠤ ᠶᠢᠨ ᠡᠬᠢ ᠪᠠᠶᠠᠯᠢᠭ ᠤᠨ | ᠳᠠᠪᠠᠭᠤᠯᠢᠭ ᠢᠯᠡᠷᠬᠡᠢ᠂ ᠠᠵᠤ ᠦᠢᠯᠡᠰ ᠤᠨ ᠰᠠᠭᠤᠷᠢ ᠰᠠᠶᠢᠨ ᠪᠠᠶᠢᠨ᠎ᠠ᠂ ᠲᠠᠷᠠᠭᠠᠴᠢ ᠶᠢᠨ ᠠᠯᠬᠤᠮ ᠳᠤ | ᠬᠠᠮᠲᠤᠷᠠᠯᠴᠠᠭᠠᠨ ᠤ ᠲᠥᠷᠥᠯ ᠵᠦᠢᠯ ᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠬᠤ ᠶᠢ ᠪᠥᠬᠦ ᠬᠦᠴᠦᠨ ᠢᠶᠠᠷ ᠢᠶᠠᠨ | ᠲᠦᠯᠬᠢᠨ ᠠᠬᠢᠭᠤᠯᠵᠤ᠂ ᠬᠤᠶᠠᠷ ᠲᠠᠯ᠎ᠠ ᠶᠢᠨ ᠨᠠᠩ ᠭᠦᠨ ᠲᠠᠰ ᠳᠠᠪᠬᠤᠷᠭ᠎ᠠ᠂ ᠨᠠᠩ ᠥᠷᠭᠡᠨ ᠬᠦᠷᠢᠶᠡᠨ ᠳᠤ | ᠬᠠᠮᠲᠤᠷᠠᠯᠴᠠᠭ᠎ᠠ ᠥᠷᠨᠢᠭᠦᠯᠬᠦ ᠶᠢ ᠢᠳᠡᠪᠬᠢᠲᠡᠢ ᠲᠦᠯᠬᠢᠨ ᠠᠬᠢᠭᠤᠯᠵᠤ᠂ ᠠᠵᠤ ᠠᠬᠤᠶᠢᠯᠠᠯ ᠪᠠ ᠣᠷᠣᠨ ᠨᠤᠲᠤᠭ ᠤᠨ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠥᠷᠳᠡᠬᠦ ᠶᠢ ᠴᠢᠷᠮᠠᠶᠢᠨ ᠪᠡᠶᠡᠯᠡᠭᠦᠯᠦᠨ᠎ᠡ ᠭᠡᠵᠡᠢ᠃ | ᠬᠤᠰᠢᠭᠤᠨ ᠤ ᠲᠠᠷᠢᠶᠠᠯᠠᠩ ᠮᠠᠯ ᠠᠵᠤ ᠠᠬᠤᠢ᠂ ᠬᠥᠭᠵᠢᠭᠦᠯᠦᠯᠲᠡ ᠥᠭᠡᠷᠡᠴᠢᠯᠡᠯᠲᠡ᠂ ᠵᠠᠬ᠎ᠠ ᠳᠡᠯᠭᠡᠭᠦᠷ ᠤᠨ | ᠬᠢᠨᠠᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ | ᠣᠷᠣᠯᠴᠠᠵᠠᠢ᠃ | |