| 2 ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ ᠰᠢᠩ ᠬᠥ᠋ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠰᠢᠩ ᠪᠥᠸᠧ᠂ ᠶᠡᠷᠦᠩᠬᠡᠢ ᠳᠠᠭᠠᠭᠠᠮᠠᠯ ᠪᠠᠢ ᠱᠤ᠋ | ᠭᠤᠸᠠᠩ ᠮᠠᠨ ᠤ ᠬᠤᠰᠢᠭᠤᠨ ᠳᠤ ᠢᠷᠡᠵᠦ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠪᠠᠶᠢᠳᠠᠯ ᠢ | ᠰᠢᠨᠵᠢᠯᠡᠨ ᠪᠠᠶᠢᠴᠠᠭᠠᠪᠠ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ | ᠣᠷᠳᠣᠨ ᠤ ᠬᠤᠰᠢᠭᠤᠨ ᠳᠠᠷᠤᠭ᠎ᠠ ᠮᠠ ᠯᠢ ᠬᠤᠸᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠧᠦ ᠵᠠᠨ ᠯᠢ ᠪᠠᠷ᠎ᠠ ᠪᠣᠯᠵᠤ | ᠰᠢᠨᠵᠢᠯᠡᠨ ᠪᠠᠶᠢᠴᠠᠭᠠᠪᠠ᠃ | ᠯᠢᠦ ᠰᠢᠩ ᠪᠥᠸᠧ ᠨᠠᠷ ᠪᠠᠶᠢᠰᠡ ᠶᠢᠨ ᠬᠤᠷᠢᠶ᠎ᠠ ᠪᠠᠯᠭᠠᠰᠤ᠂ ᠰᠧ ᠵᠢᠶᠠ ᠽᠢ ᠪᠠᠯᠭᠠᠰᠤᠨ ᠤ ᠴᠠᠬᠢᠭᠤᠷ ᠴᠢᠯᠠᠭᠤ᠂ | ᠴᠣᠬᠤᠢ ᠶᠢᠨ ᠴᠢᠯᠠᠭᠤ ᠵᠡᠷᠭᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠯᠲᠠ᠂ | ᠲᠠᠷᠬᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠤᠬᠠᠢ ᠶᠢᠨ ᠲᠠᠯᠠᠪᠠᠶ ᠳᠤ᠂ ᠯᠢᠦ | ᠰᠢᠩ ᠪᠥᠸᠧ ᠢᠯᠡᠷᠬᠡᠶᠢᠯᠡᠬᠦ ᠳᠡᠭᠡᠨ᠂ ᠠᠤᠬᠠᠨ ᠬᠤᠰᠢᠭᠤᠨ ᠤ ᠣᠷᠣᠨ ᠪᠠᠶᠢᠷᠢ ᠳᠠᠪᠠᠭᠤᠯᠢᠭ᠂ ᠵᠠᠮ ᠬᠠᠷᠢᠯᠴᠠᠭ᠎ᠠ | ᠲᠥᠬᠦᠮ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ᠂ ᠬᠤᠵᠢᠭᠤ ᠬᠥᠭᠵᠢᠭᠰᠡᠨ ᠳᠠᠪᠠᠭᠤᠯᠢᠭ | ᠢᠯᠡᠳᠲᠡ ᠪᠠᠶᠢᠳᠠᠭ᠃ ᠬᠤᠶᠢᠰᠢᠳᠠ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠰᠣᠯᠢᠯᠴᠠᠭ᠎ᠠ ᠪᠠᠨ ᠦᠷᠭᠦᠯᠵᠢᠯᠡᠨ | ᠴᠢᠩᠭᠠᠳᠬᠠᠵᠤ᠂ ᠭᠦᠨᠵᠡᠭᠡᠢ ᠵᠣᠯᠭᠠᠭᠤᠯᠤᠨ ᠵᠥᠪᠳᠡᠯᠴᠡᠵᠦ᠂ ᠲᠦᠷᠦᠯ ᠵᠦᠢᠯ ᠤᠨ ᠪᠦᠳᠦᠭᠦᠪᠴᠢ | ᠬᠠᠮᠲᠤᠷᠠᠯᠴᠠᠭᠠᠨ ᠤ ᠵᠥᠪᠯᠡᠯᠴᠡᠭᠡᠷ ᠤᠨ ᠠᠭᠤᠯᠭ᠎ᠠ ᠶᠢᠨ ᠲᠣᠭᠤᠷᠢᠨ ᠳᠤ ᠨᠡᠩ ᠪᠦᠬᠦ ᠲᠠᠯ᠎ᠠ ᠶᠢᠨ᠂ ᠭᠦᠨᠵᠡᠭᠡᠢ | ᠬᠠᠮᠲᠤᠷᠠᠯᠴᠠᠭ᠎ᠠ ᠥᠷᠨᠢᠭᠦᠯᠵᠦ᠂ ᠺᠣᠮᠫᠠᠨᠢ ᠠᠴᠠ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠲᠦᠷᠦᠯ ᠵᠦᠢᠯ ᠢ ᠡᠷᠲᠡᠬᠡᠨ | ᠨᠠᠶᠢᠳᠠᠪᠤᠷᠢᠵᠢᠭᠤᠯᠵᠤ᠂ ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ ᠠᠰᠢᠭᠯᠠᠯᠲᠠ ᠳᠤ ᠣᠷᠣᠭᠤᠯᠵᠤ᠂ ᠡᠷᠲᠡᠬᠡᠨ | ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ | ᠮᠠ ᠯᠢ ᠬᠤᠸᠠ ᠠᠴᠠ ᠯᠢᠦ ᠰᠢᠩ ᠪᠥᠸᠧ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ | ᠪᠠᠶᠢᠬᠤ ᠪᠠᠨ ᠢᠯᠡᠳᠬᠡᠵᠦ᠂ ᠰᠢᠩ ᠭᠦ᠋ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠣᠷᠣᠭᠤᠯᠤᠨ ᠪᠦᠲᠦᠭᠡᠨ | ᠪᠠᠶᠢᠭᠤᠯᠬᠤ ᠪᠠᠷ ᠪᠡᠯᠡᠳᠬᠡᠵᠦ ᠪᠠᠶᠢᠭ᠎ᠠ ᠳ᠋ᠦᠩ ᠹᠠᠩ ᠲᠠᠯᠠᠰᠲᠤ ᠴᠠᠬᠢᠭᠤᠷ ᠤᠨ ᠰᠢᠨ᠎ᠡ ᠮᠠᠲ᠋ᠧᠷᠢᠶᠠᠯ ᠤᠨ ᠲᠦᠷᠦᠯ | ᠵᠦᠢᠯ ᠨᠢ ᠮᠠᠨ ᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠂ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠰᠣᠯᠢᠯᠴᠠᠭ᠎ᠠ ᠪᠣᠯᠣᠨ ᠰᠢᠨᠵᠢᠯᠡᠨ | ᠪᠠᠶᠢᠴᠠᠭᠠᠯᠲᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠬᠦ ᠶᠢ | ᠬᠦᠰᠡᠵᠦ ᠪᠠᠶᠢᠨ᠎ᠠ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ | ᠦᠢᠯᠡᠴᠢᠯᠡᠵᠦ᠂ ᠠᠵᠢᠯ ᠤᠨ ᠲᠤᠰᠬᠠᠢ ᠠᠩᠭᠢ ᠪᠠᠶᠢᠭᠤᠯᠵᠤ᠂ ᠥᠨᠳᠥᠷ ᠪᠦᠲᠦᠮᠵᠢᠲᠡᠢ ᠠᠬᠢᠭᠤᠯᠬᠤ ᠶᠢ ᠪᠠᠷᠢᠮᠲᠠᠯᠠᠵᠤ | ᠂ ᠲᠦᠷᠦᠯ ᠵᠦᠢᠯ ᠳᠤ ᠭᠠᠵᠠᠷ ᠬᠡᠷᠡᠭᠯᠡᠬᠦ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠵᠡᠷᠭᠡ | ᠲᠠᠯ᠎ᠠ ᠶᠢᠨ ᠠᠵᠢᠯ ᠢ ᠬᠦᠴᠦᠯᠡᠨ ᠰᠠᠶᠢᠲᠤᠷ ᠬᠢᠵᠦ᠂ ᠬᠠᠮᠤᠭ ᠤᠨ ᠰᠢᠯᠢᠳᠡᠭ ᠦᠢᠯᠡᠴᠢᠯᠡᠭᠡ ᠪᠠᠷ ᠬᠤᠶᠠᠷ ᠲᠠᠯ᠎ᠠ ᠶᠢᠨ | ᠬᠠᠮᠲᠤᠷᠠᠯᠴᠠᠭ᠎ᠠ ᠶᠢᠨ ᠨᠡᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | |