2023 ᠣᠨ  ᠤ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠵᠢᠴᠢ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/14
 
   2 ᠰᠠᠷ᠎ᠠ ᠶᠢᠨ 13 ᠤ ᠡᠳᠦᠷ᠂ 2023 ᠣᠨ ᠤ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠵᠢᠴᠢ ᠪᠦᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠬᠤᠰᠢᠭᠤᠨ ᠤ ᠬᠤᠷᠠᠯ ᠤᠨ ᠲᠥᠪ ᠲᠤ ᠬᠤᠷᠠᠯᠳᠤᠪᠠ᠃ ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠨ ᠴᠤᠤ ᠴᠢ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠣᠬᠤᠯᠠᠪᠤᠷᠢ ᠪᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ  ᠂ 2022 ᠣᠨ ᠤ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠢ ᠳ᠋ᠦᠩᠨᠡᠵᠦ᠂ ᠣᠳᠣᠬᠠᠨ ᠤ ᠠᠵᠢᠯ ᠤᠨ ᠪᠠᠶᠢᠳᠠᠯ ᠡᠭᠦᠷᠭᠡ ᠶᠢ ᠭᠦᠨᠵᠡᠭᠡᠢ ᠵᠠᠳᠠᠯᠤᠨ ᠰᠢᠨᠵᠢᠯᠡᠵᠦ᠂ 2023 ᠣᠨ ᠤ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠢ ᠰᠤᠳᠤᠯᠤᠨ ᠪᠠᠶᠢᠷᠢᠯᠠᠭᠤᠯᠵᠠᠢ᠃    ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ  ᠵᠦᠪᠯᠡᠯ ᠤᠨ ᠱᠦᠵᠢ ᠵᠠᠩ ᠱᠧᠩ ᠾᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠰᠢᠶᠠ ᠯᠢ ᠮᠢᠩ ᠬᠤᠷᠠᠯ ᠢ ᠡᠷᠭᠢᠯᠡᠵᠦ᠂ ᠬᠤᠰᠢᠭᠤᠨ ᠤ ᠵᠠᠰᠠᠭ ᠤᠨ ᠣᠷᠳᠣᠨ ᠤ  ᠬᠤᠰᠢᠭᠤᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠪᠢ ᠵᠢᠶᠠᠨ ᠮᠢᠨ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠯᠢᠦ ᠳ᠋ᠡ ᠶᠦᠩ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠸᠠᠩ  ᠯᠸᠢ ᠬᠤᠷᠠᠯ ᠳᠤ ᠣᠷᠣᠯᠴᠠᠵᠠᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ 2022 ᠣᠨ ᠳᠤ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ  ᠪᠠᠶᠢᠭᠤᠯᠭ᠎ᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ  ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠥᠭᠡᠷᠡᠴᠢᠯᠡᠯᠲᠡ ᠶᠢ ᠠᠬᠢᠭᠤᠯᠬᠤ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠯᠤᠰ ᠲᠥᠷᠥ ᠬᠠᠤᠯᠢ ᠴᠠᠭᠠᠵᠠ ᠶᠢᠨ ᠬᠦᠴᠦᠨ ᠴᠢᠳᠠᠯ ᠢᠶᠠᠨ ᠡᠷᠭᠦᠪᠡ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ 2023 ᠣᠨ ᠳᠤ ᠪᠦᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ  ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠵᠤ᠂ ᠨᠡᠶᠢᠭᠡᠮ ᠤᠨ ᠠᠮᠤᠷ ᠲᠣᠭᠲᠠᠭᠤᠨ ᠢ ᠪᠠᠲᠤᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠠᠮᠤᠷ ᠲᠣᠭᠲᠠᠭᠤᠨ ᠢ ᠪᠠᠲᠤᠯᠠᠬᠤ ᠬᠠᠷᠠᠯᠲᠠ ᠡᠭᠦᠷᠭᠡ ᠶᠢ ᠪᠡᠶᠡᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠵᠤ᠂ ᠤᠯᠤᠰ ᠲᠦᠷᠦ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠯᠤᠰ ᠲᠦᠷᠦ ᠬᠠᠤᠯᠢ ᠴᠠᠭᠠᠵᠠ ᠶᠢᠨ ᠬᠦᠴᠦᠨ ᠴᠢᠳᠠᠯ ᠢᠶᠠᠨ  ᠡᠷᠭᠦᠬᠦ ᠬᠡᠷᠡᠭᠲᠡᠢ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠶᠢ ᠲᠤᠪᠤᠶᠢᠯᠭᠠᠵᠤ᠂ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠡᠷᠬᠡ ᠰᠦᠷ ᠢ ᠬᠠᠮᠠᠭᠠᠯᠠᠵᠤ ᠦᠨᠡᠨᠴᠢ ᠰᠢᠳᠤᠷᠭᠤ ᠪᠠᠶᠢᠬᠤ ᠶᠢ ᠡᠷᠬᠢᠮᠯᠡᠬᠦ᠂ ᠤᠯᠤᠰ ᠲᠦᠷᠦ ᠶᠢᠨ ᠬᠥᠮᠦᠵᠢᠯ ᠳᠤ ᠴᠠᠭᠳᠠᠭ᠎ᠠ ᠶᠢᠨ ᠰᠦᠭ ᠰᠦᠨᠡᠰᠦ ᠶᠢ ᠨᠢᠭᠲᠠᠷᠠᠭᠤᠯᠬᠤ᠂ ︽ᠭᠤᠷᠪᠠ ᠶᠢ ᠱᠠᠯᠠᠪᠳᠠᠭᠤᠯᠤᠨ ᠬᠤᠯᠪᠣᠯᠳᠤᠭᠤᠯᠬᠤ︾ ᠪᠠᠷ ᠬᠢᠨᠠᠯᠲᠠ ᠲᠠᠯᠪᠢᠬᠤ ᠶᠢ ᠴᠢᠩᠭᠠᠳᠬᠠᠬᠤ ᠶᠢ ᠪᠡᠶᠡᠯᠡᠭᠦᠯᠬᠦ ᠬᠡᠷᠡᠭᠲᠡᠢ︔ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠲᠤᠪᠤᠶᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠨᠡᠶᠢᠭᠡᠮ ᠤᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠢ ᠬᠦᠴᠦᠯᠡᠨ ᠪᠣᠳᠠᠲᠠᠢ ᠠᠳᠬᠤᠬᠤ ᠬᠡᠷᠡᠭᠲᠡᠢ︔ ᠬᠠᠤᠯᠢᠵᠢᠯ ᠤᠨ ᠪᠠᠲᠤᠯᠠᠭ᠎ᠠ ᠶᠢ ᠲᠣᠪᠤᠶᠢᠯᠭᠠᠨ ᠰᠢᠯᠢᠳᠡᠭᠵᠢᠭᠦᠯᠵᠦ᠂ ᠪᠦᠬᠦ ᠬᠤᠰᠢᠭᠤᠨ ᠤ ᠴᠢᠨᠠᠷ ᠴᠢᠨᠰᠠᠭ᠎ᠠ ᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ︔ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠳᠤᠪᠤᠶᠢᠯᠭᠠᠵᠤ᠂ ︽ᠠᠮᠤᠷ ᠠᠮᠤᠭᠤᠯᠠᠩ ᠠᠤᠬᠠᠨ᠂ ᠬᠠᠤᠯᠢᠵᠢᠯ ᠤᠨ ᠠᠤᠬᠠᠨ︾ ᠢ ᠪᠦᠲᠦᠭᠡᠨ ᠪᠠᠶᠢᠭᠤᠯᠬᠤ ᠬᠡᠷᠡᠭᠲᠡᠢ᠃ ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠪᠠᠲᠤᠳᠬᠠᠵᠤ᠂ ᠨᠡᠶᠢᠭᠡᠮ ᠤᠨ ᠵᠠᠰᠠᠯᠲᠠ ᠶᠢᠨ  ᠰᠢᠰᠲ᠋ᠧᠮ ᠢ ᠪᠦᠷᠢᠨᠰᠢᠭᠦᠯᠵᠦ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ︔ ᠤᠯᠤᠰ ᠲᠦᠷᠦ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠲᠣᠪᠤᠶᠢᠯᠭᠠᠨ ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯ ᠤᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯ ᠤᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠦᠴᠦᠯᠡᠨ ᠴᠢᠩᠭᠠᠳᠬᠠᠵᠤ᠂ ᠬᠡᠷᠡᠭ ᠢ ᠰᠢᠢᠳᠪᠦᠷᠢᠯᠡᠬᠦ  ᠶᠢᠨ  ᠤᠶᠤᠨᠴᠢᠯᠠᠭᠰᠠᠨ ᠬᠢᠷᠢ ᠲᠦᠪᠰᠢᠨ ᠢ ᠶᠡᠭᠡ ᠪᠠᠷ ᠲᠦᠯᠬᠢᠨ  ᠠᠬᠢᠭᠤᠯᠬᠤ ᠬᠡᠷᠡᠭᠲᠡᠢ︔ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠲᠤᠪᠤᠶᠢᠯᠭᠠᠵᠦ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠤᠯᠤᠰ ᠲᠦᠷᠦ ᠬᠠᠤᠯᠢ ᠴᠠᠭᠠᠵᠠ ᠶᠢᠨ ᠴᠡᠷᠢᠭ ᠢ ᠪᠠᠶᠢᠭᠤᠯᠬᠤ ᠬᠡᠷᠡᠭᠲᠡᠢ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠵᠤ᠂ ᠴᠢᠳᠠᠪᠤᠷᠢ ᠬᠡᠪ ᠴᠢᠨᠠᠷ ᠢᠶᠠᠨ ᠬᠦᠴᠦᠯᠡᠨ ᠳᠡᠭᠡᠭᠰᠢᠯᠡᠭᠦᠯᠵᠦ᠂ ︽ᠲᠠᠪᠤᠨ ᠴᠠᠭᠠᠷᠠᠭᠰᠠᠨ︾ ᠤᠯᠤᠰ ᠲᠦᠷᠦ ᠬᠠᠤᠯᠢ ᠴᠠᠭᠠᠵᠠ ᠶᠢᠨ ᠴᠡᠷᠢᠭ ᠢ ᠳᠠᠪᠲᠠᠨ ᠪᠣᠯᠪᠠᠰᠤᠷᠠᠭᠤᠯᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠳᠡᠯᠭᠡᠷᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠴᠠᠭᠳᠠᠭ᠎ᠠ ᠶᠢ ᠬᠠᠯᠠᠮᠵᠢᠯᠠᠬᠤ ᠴᠠᠭᠳᠠᠭ᠎ᠠ ᠳᠤ ᠠᠰᠢᠭ ᠬᠦᠷᠲᠡᠭᠡᠬᠦ ᠶᠢ ᠴᠢᠬᠤᠯᠠᠴᠢᠯᠠᠵᠤ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠷᠭᠡᠨ ᠤᠯᠠᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠠᠳ ᠲᠦᠮᠡᠨ ᠳᠤ ᠦᠢᠯᠡᠴᠢᠯᠡᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠬᠦ ᠶᠢ ᠬᠥᠲᠥᠯᠥᠨ ᠵᠢᠯᠤᠭᠤᠳᠬᠤ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠲᠤᠪᠤᠶᠢᠯᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠰᠢᠨ᠎ᠡ ᠳᠦᠷᠢ ᠲᠥᠷᠬᠦ ᠶᠢ ᠪᠤᠢ  ᠪᠣᠯᠭᠠᠨ  ᠬᠦᠲᠦᠯᠬᠦ ᠬᠡᠷᠡᠭᠲᠡᠢ᠃ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠨᠢ ᠴᠢᠭᠯᠡᠯ ᠢ ᠠᠳᠬᠤᠵᠤ᠂ ᠪᠥᠬᠦ ᠲᠠᠯ᠎ᠠ ᠶᠢ ᠪᠣᠳᠣᠯᠬᠢᠯᠠᠨ᠂ ᠨᠢᠭᠡᠳᠦᠯᠲᠡᠢ ᠲᠥᠯᠥᠪᠵᠢᠭᠦᠯᠬᠦ ᠶᠢ ᠴᠢᠬᠤᠯᠠᠴᠢᠯᠠᠵᠤ᠂ ᠶᠡᠭᠡ ᠶᠠᠪᠤᠳᠠᠯ ᠢ ᠬᠠᠮᠢᠶᠠᠷᠴᠤ᠂ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠨᠢ ᠦᠨᠳᠦᠰᠦᠨ ᠱᠠᠲᠤ ᠶᠢ ᠠᠳᠬᠤᠵᠤ᠂ ᠰᠠᠭᠤᠷᠢ ᠶᠢ ᠴᠢᠩᠭᠠᠳᠬᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ︔ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠲᠣᠪᠤᠶᠢᠯᠭᠠᠨ ᠴᠢᠩᠭᠠᠳᠬᠠᠵᠤ᠂ ᠵᠠᠬᠢᠳᠠᠯ ᠰᠣᠷᠪᠤᠯᠵᠢᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠡᠷᠡᠭ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠶᠢ ᠴᠢᠩᠭ᠎ᠠ ᠠᠳᠬᠤᠵᠤ᠂ ᠬᠠᠤᠯᠢ ᠪᠤᠰᠤ ᠵᠠᠬᠢᠳᠠᠯ ᠰᠣᠷᠪᠤᠯᠵᠢᠯᠠᠭ᠎ᠠ ᠶᠢ ᠲᠣᠭᠲᠠᠭᠤᠨ ᠢᠶᠠᠷ ᠡᠵᠡᠮᠳᠡᠬᠦ ᠪᠠ ᠴᠣᠬᠢᠯᠲᠠ ᠥᠭᠴᠦ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠲᠣᠭᠲᠠᠭᠤᠨ ᠢ ᠬᠠᠮᠠᠭᠠᠯᠠᠵᠤ ᠠᠮᠤᠷ ᠲᠦᠪᠰᠢᠨ ᠢ ᠬᠠᠮᠠᠭᠠᠯᠠᠬᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦ ᠤᠯᠤᠰ ᠤᠨ ︽ᠬᠤᠶᠠᠷ ᠬᠤᠷᠠᠯ︾ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ  ᠃    ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠨᠠᠮ ᠤᠨ ︵ᠠᠵᠤ ᠦᠢᠯᠡᠳᠪᠦᠷᠢ︶ ᠬᠤᠷᠢᠶ᠎ᠠ ᠶᠢᠨ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠤᠨ ᠳᠡᠳ᠋ ᠡᠷᠬᠢᠯᠡᠭᠴᠢ᠂ ᠵᠠᠬᠢᠳᠠᠯ ᠰᠣᠷᠪᠤᠯᠵᠢᠯᠠᠭ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠳᠠᠷᠤᠭ᠎ᠠ᠂ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ︔ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠭᠡᠰᠢᠭᠦᠨ ᠪᠠ ᠵᠠᠩᠭᠢᠯᠠᠭ᠎ᠠ ᠶᠢᠨ ᠺᠠᠳ᠋ᠷ︔ ᠬᠤᠰᠢᠭᠤᠨ ᠤ ᠰᠢᠭᠤᠳ ᠬᠠᠷᠢᠶ᠎ᠠ ᠡᠯ᠎ᠡ ᠶᠠᠮᠤᠨ ᠵᠥᠪᠯᠡᠯ ᠠᠯᠪᠠᠨ ᠭᠡᠷ ᠲᠣᠪᠴᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠠᠷᠠᠳ ᠤᠨ ᠪᠦᠯᠬᠦᠮ᠂  ᠲᠦᠪ ᠣᠷᠤᠨ ᠬᠤᠲᠠ ᠶᠢᠨ ᠰᠢᠭᠤᠳ ᠬᠠᠷᠢᠶ᠎ᠠ ᠠᠤᠬᠠᠨ ᠳᠤ ᠰᠠᠭᠤᠭ᠎ᠠ ᠡᠯ᠎ᠡ ᠨᠢᠭᠡᠴᠡ ᠶᠢᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号