ᠠᠤᠬᠠᠨ ᠬᠤᠰᠢᠭᠤᠨ ᠤ 2022 ᠣᠨ ᠤ ᠠᠵᠤ  ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠦᠷᠭᠦᠯᠵᠢᠯᠡᠨ ᠰᠠᠶᠢᠵᠢᠷᠠᠪᠠ
ᠨᠡᠶᠢᠲᠡᠯᠡᠭᠰᠡᠨ ᠴᠠᠭ᠄
2023/2/16
   ᠨᠢᠭᠡ ᠳᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ  ᠬᠢᠪᠡ᠃ ᠶᠢᠨ ᠲᠤᠤ ᠺᠣᠮᠫᠠᠨᠢ᠂ ᠵᠢᠶ ᠯᠦᠩ ᠠᠭᠤᠷᠬᠠᠶ ᠶᠢᠨ  ᠦᠢᠯᠡᠰ᠂  ᠱᠠ ᠮᠥᠸᠧ ᡁᠢ ᠬᠤᠸᠠ᠂ ᠾᠧ  ᠹᠧᠩ ᠹᠦ᠋ ᠰᠢᠨ ᠶᠤᠸᠠᠨ ᠵᠡᠷᠭᠡ ᠨᠢᠭᠡ ᠪᠦᠯᠦᠭ ᠭᠤᠤᠯᠯᠠᠭᠴᠢ ᠠᠵᠤ ᠠᠬᠤᠶᠢᠯᠠᠯ ᠤᠨ ᠦᠷ᠎ᠡ ᠠᠰᠢᠭ ᠢᠯᠡᠳᠲᠡ ᠳᠡᠭᠡᠭᠰᠢᠯᠡᠵᠦ᠂ ᠠᠵᠤ ᠠᠬᠤᠶ ᠶᠢᠨ ᠬᠤᠪᠢ ᠨᠡᠮᠡᠷᠢ ᠶᠢᠨ ᠨᠣᠷᠮ᠎ᠠ ᠢᠯᠡᠳᠲᠡ ᠨᠡᠮᠡᠭᠳᠡᠨ᠂ ᠠᠵᠤ ᠠᠬᠤᠶ ᠶᠢᠨ ᠨᠡᠮᠡᠭᠳᠡᠯ ᠢ ᠪᠦᠲᠦᠮᠵᠢᠲᠡᠶ ᠪᠠᠷ ᠳᠠᠶᠢᠴᠢᠯᠠᠪᠠ᠃ 2022 ᠣᠨ ᠳᠤ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ  ᠶᠢᠨ ᠠᠵᠤ ᠠᠬᠤᠶᠢᠯᠠᠯ ᠤᠨ ᠲᠤᠭ᠎ᠠ 29 ᠪᠣᠯᠵᠣ᠂ ᠠᠳᠠᠯᠢ ᠬᠤᠭᠤᠴᠠᠭᠠᠨ ᠤ ᠬᠢ ᠠᠴᠠ 16% ᠨᠡᠮᠡᠭᠳᠡᠪᠡ᠃     ᠬᠤᠶᠠᠷ ᠲᠤ᠂ ᠭᠤᠣᠯᠳᠠᠯᠭ᠎ᠠ ᠲᠠᠢ ᠵᠦᠢᠯᠡᠰ ᠢ ᠲᠦᠷᠭᠡᠪᠴᠢᠯᠡᠨ ᠪᠦᠳᠦᠭᠡᠨ ᠪᠠᠶᠢᠭᠤᠯᠪᠠ᠃ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠢ ᠭᠤᠣᠯᠳᠠᠯᠭ᠎ᠠ ᠪᠣᠯᠭᠠᠨ ᠪᠦᠲᠦᠭᠡᠨ ᠪᠠᠶᠢᠭᠤᠯᠵᠤ᠂ ᠨᠢᠭᠡ ᠪᠦᠯᠦᠭ ᠭᠤᠤᠯᠳᠠᠯᠭ᠎ᠠ ᠲᠠᠢ ᠲᠥᠷᠥᠯ  ᠵᠦᠢᠯ᠂ ᠥᠪᠥᠷ ᠮᠣᠩᠭᠤᠯ ᠤᠨ ᠬᠦᠶ ᠯᠢᠦ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢᠨ ᠨᠤᠭᠤᠰᠤᠨ ᠤ ᠠᠵᠤ  ᠦᠢᠯᠡᠰ ᠤᠨ ᠨᠠᠷᠢᠯᠢᠭ ᠡᠳ᠋ᠰᠢᠭᠦᠯᠬᠦ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ᠂ ᠸᠧᠶ   ᠨᠢ ᠬᠤᠣ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠤᠳᠪᠠᠯᠠ ᠶᠢᠨ ᠨᠤᠨᠲᠠᠭ ᠢ ᠨᠠᠷᠢᠯᠢᠭ ᠡᠳ᠋ᠰᠢᠭᠦᠯᠬᠦ ᠵᠡᠷᠭᠡ ᠨᠢᠭᠡ ᠪᠦᠯᠦᠭ ᠲᠥᠷᠥᠯ  ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠳ᠋ᠠ ᠾᠧ ᠲᠠᠷᠢᠶᠠᠯᠠᠩ ᠤᠨ ᠨᠠᠷᠢᠮᠤ ᠶᠢ ᠨᠠᠷᠢᠯᠢᠭ ᠡᠳ᠋ᠰᠢᠭᠦᠯᠬᠦ᠂ ᠢᠦᠶ ᠶᠠᠨ ᠲᠠᠩ ᠨᠠᠷᠢᠮᠤ ᠶᠢ ᠨᠠᠷᠢᠯᠢᠭ ᠡᠳ᠋ᠰᠢᠭᠦᠯᠬᠦ ᠵᠡᠷᠭᠡ ᠨᠢᠭᠡ ᠪᠦᠯᠦᠭ ᠲᠥᠷᠥᠯ  ᠵᠦᠢᠯ ᠢ ᠲᠦᠷᠭᠡᠳᠬᠡᠨ ᠪᠥᠲᠥᠭᠡᠨ ᠪᠠᠶᠢᠭᠤᠯᠵᠤ᠂ ᠴᠢᠬᠤᠯᠠ ᠠᠵᠤ ᠠᠬᠤᠶ ᠶᠢᠨ ᠨᠡᠮᠡᠭᠳᠡᠯ ᠤᠨ ᠲᠦᠢᠯ ᠢ ᠪᠣᠶ  ᠪᠣᠯᠭᠠᠪᠠ᠃    ᠭᠤᠷᠪᠠ ᠳᠤ᠂ ᠨᠢᠭᠡ ᠪᠦᠯᠦᠭ ᠴᠢᠬᠤᠯᠠ ᠶᠡᠭᠡ ᠵᠦᠢᠯᠡᠰ ᠢ ᠪᠠᠷᠢᠯᠭ᠎ᠠ ᠶᠢᠨ ᠠᠵᠢᠯ ᠢ ᠡᠬᠢᠯᠡᠭᠦᠯᠪᠡ᠃ ᠪᠥᠬᠦ ᠬᠤᠰᠢᠭᠤᠨ ᠳᠤ 3000 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠠᠵᠤ  ᠦᠢᠯᠡᠳᠪᠦᠷᠢ  ᠶᠢᠨ ᠲᠥᠷᠥᠯ  ᠵᠦᠢᠯ ᠢ 17 ᠬᠡᠷᠡᠭᠵᠢᠭᠦᠯᠵᠦ᠂ ᠲᠥᠷᠥᠯ  ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 49.61 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠳᠤ 12.26 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠣᠳᠠᠲᠠᠶ ᠪᠡᠶᠡᠯᠡᠭᠦᠯᠪᠡ᠃ 2022 ᠣᠨ ᠳᠤ 11 ᠲᠥᠷᠥᠯ ᠵᠦᠢᠯ ᠢ ᠳᠠᠭᠤᠰᠬᠠᠬᠤ ᠪᠠᠷ ᠲᠥᠯᠥᠪᠯᠡᠵᠦ᠂ 7.35 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ 7.35 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠣᠳᠠᠲᠠᠶ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 100% ᠳᠤ ᠬᠥᠷᠪᠡ᠃ ᠪᠠᠶᠢᠭᠤᠯᠵᠤ ᠪᠠᠶᠢᠭ᠎ᠠ ᠠᠵᠤ  ᠦᠢᠯᠡᠳᠪᠦᠷᠢ ᠶᠢᠨ ᠲᠥᠷᠥᠯ ᠵᠦᠢᠯ ᠳᠤ ᠵᠢᠯ ᠤᠨ ᠡᠴᠦᠰ ᠠᠴᠠ ᠡᠮᠦᠨ᠎ᠡ ᠰᠢᠨ᠎ᠡ ᠪᠠᠷ ᠨᠡᠮᠡᠭᠳᠡᠬᠦ  ᠦᠢᠯᠡᠳᠪᠦᠷᠢᠯᠡᠯ ᠤᠨ ᠴᠢᠳᠠᠪᠤᠷᠢ ᠶᠢ ᠪᠡᠶᠡᠯᠡᠭᠦᠯᠦᠭᠰᠡᠨ ᠪᠤᠶᠤ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ 5 ᠲᠥᠷᠥᠯ  ᠵᠦᠢᠯ  ᠳᠤ ᠨᠢᠭᠡᠨᠲᠡ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠪᠥᠭᠡᠳ ᠠᠰᠢᠭᠯᠠᠯᠲᠠ ᠳᠤ ᠣᠷᠣᠭᠤᠯᠪᠠ᠃     ᠲᠦᠷᠪᠡ ᠳᠤ᠂ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢᠨ ᠵᠦᠢᠯᠡᠰ ᠤᠨ ᠠᠬᠢᠴᠠ ᠤᠷᠤᠭᠰᠢᠲᠠᠶ ᠪᠠᠶᠢᠨ᠎ᠠ᠃ ᠬᠤᠲᠠ ᠠᠴᠠ ᠪᠠᠭᠤᠯᠭᠠᠭᠰᠠᠨ ᠮᠠᠨ ᠤ ᠬᠤᠰᠢᠭᠤᠨ ᠤ 500 ᠲᠦᠮᠡ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ  ᠦᠢᠯᠡᠳᠪᠦᠷᠢᠯᠡᠬᠦ ᠴᠢᠳᠠᠪᠤᠷᠢ ᠶᠢ ᠲᠠᠰ ᠳᠡᠪᠰᠢᠭᠦᠯᠬᠦ ᠮᠡᠷᠭᠡᠵᠢᠯ ᠤᠨ ᠥᠭᠡᠷᠡᠴᠢᠯᠡᠯᠲᠡ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ  ᠵᠦᠢᠯ ᠤᠨ ᠡᠭᠦᠷᠭᠡ ᠶᠢᠨ ᠲᠤᠭ᠎ᠠ ᠨᠢ 8 ᠪᠠᠶᠢᠵᠤ᠂ ᠪᠣᠳᠠᠲᠠᠶ ᠳᠠᠩᠰᠠᠯᠠᠭᠤᠯᠤᠭᠰᠠᠨ 9 ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ  ᠵᠦᠢᠯ ᠤᠨ ᠣᠨ ᠤ ᠪᠠᠯᠠ ᠣᠷᠣᠭᠤᠯᠤᠯᠲᠠ 1.42 ᠳ᠋ᠦᠩᠰᠢᠭᠤᠷ ᠲᠥᠭᠦᠷᠢᠭ ᠲᠤ ᠬᠦᠷᠴᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号