ᠠᠤᠬᠠᠨ ᠬᠤᠰᠢᠭᠤᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠥᠪ᠄ ︽ᠦᠨᠡᠯᠡᠯᠲᠡ︾ ᠪᠠᠷ ︽ᠦᠢᠯᠡᠴᠢᠯᠡᠭᠡ︾ ᠶᠢ ᠳᠠᠶᠢᠴᠢᠯᠠᠨ᠎ᠠ
ᠨᠡᠶᠢᠲᠡᠯᠡᠭᠰᠡᠨ ᠴᠠᠭ᠄
2023/2/16
   ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂  ᠴᠣᠩᠬᠤᠪᠴᠢ ᠶᠢᠨ ᠦᠢᠯᠡᠴᠢᠯᠡᠭᠡ ᠳᠤ ᠴᠠᠭ ᠢᠮᠠᠭᠲᠠ ᠬᠢᠨᠠᠯᠲᠠ ᠲᠠᠯᠪᠢᠬᠤ ᠶᠢ ᠪᠡᠶᠡᠯᠡᠭᠦᠯᠬᠦ ᠶᠢᠨ ᠲᠥᠯᠥᠭᠡ᠂ ᠠᠤᠬᠠᠨ ᠬᠤᠰᠢᠭᠤᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠥᠪ ᠠᠴᠠ ᠪᠣᠶ ᠪᠥᠬᠦᠶ ᠴᠣᠩᠬᠤᠪᠴᠢ ᠳᠤ ᠪᠥᠬᠦ ᠣᠷᠣᠨ ᠤ ᠨᠢᠭᠡᠳᠦᠯᠲᠡᠶ ︽ ᠦᠨᠡᠯᠡᠬᠦ︾ ᠰᠢᠰᠲ᠋ᠧᠮ ᠢ ᠳᠣᠭᠢᠷᠠᠭᠤᠯᠤᠨ᠂ ᠪᠥᠬᠦ ᠲᠠᠯ᠎ᠠ ᠪᠠᠷ ᠣᠯᠠᠨ ᠲᠦᠮᠡᠨ ᠤ ᠬᠢᠨᠠᠯᠲᠠ ᠲᠠᠯᠪᠢᠬᠤ ᠶᠢ ᠪᠡᠶᠡᠯᠡᠭᠦᠯᠵᠦ᠂ ︽ᠦᠨᠡᠯᠡᠬᠦ︾ ᠪᠠᠷ ︽  ᠦᠢᠯᠡᠴᠢᠯᠡᠭᠡ︾ ᠶᠢ ᠳᠠᠶᠢᠴᠢᠯᠠᠭᠰᠠᠨ ᠪᠠᠶᠢᠨ᠎ᠠ᠃    2022 ᠣᠨ ᠤ ᠵᠢᠯ ᠤᠨ ᠡᠴᠦᠰ ᠪᠣᠯᠲᠠᠯ᠎ᠠ᠂ ︽ᠦᠨᠡᠯᠡᠯᠲᠡ︾ ᠶᠢᠨ ᠲᠤᠭ᠎ᠠ ᠪᠠᠷᠢᠮᠲᠠ ᠨᠡᠶᠢᠲᠡ 159627 ᠵᠤᠷᠪᠤᠰ ᠪᠣᠶ ᠪᠣᠯᠵᠠᠶ᠂ ᠡᠭᠦᠨ ᠳᠤ 2020 ᠣᠨ ᠳᠤ 4535 ᠵᠤᠷᠪᠤᠰ᠂ 2021 ᠣᠨ ᠳᠤ 72890 ᠵᠤᠷᠪᠤᠰ ᠂ 2022 ᠣᠨ ᠳᠤ 82202 ᠵᠤᠷᠪᠤᠰ ᠪᠠᠶᠢᠵᠤ᠂ 2022 ᠣᠨ ᠤ ᠰᠠᠶᠢᠨ ᠦᠨᠡᠯᠡᠯᠲᠡ ᠶᠢᠨ ᠨᠣᠷᠮ᠎ᠠ ᠨᠢ 99.998% ᠪᠠᠶᠢᠪᠠ᠃ 2023 ᠣᠨ ᠤ 1 ᠰᠠᠷ᠎ᠠ ᠳᠤ᠂ ᠦᠨᠡᠯᠡᠯᠲᠡ ᠶᠢᠨ ᠲᠤᠭ᠎ᠠ ᠪᠠᠷᠢᠮᠲᠠ 16771 ᠵᠤᠷᠪᠤᠰ ᠲᠤ ᠬᠦᠷᠦᠭᠰᠡᠨ ᠪᠥᠭᠡᠳ ᠬᠠᠨᠤᠮᠵᠢᠲᠠᠶ ᠪᠠᠶᠢᠬᠤ ᠨᠣᠷᠮ᠎ᠠ ᠨᠢ 100% ᠳᠤ ᠬᠦᠷᠴᠡᠶ᠃    ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠥᠪ ᠨᠢ ︽ ᠦᠨᠡᠯᠡᠯᠲᠡ︾ ᠶᠢᠨ ᠲᠤᠭ᠎ᠠ ᠪᠠᠷᠢᠮᠲᠠ ᠶᠢ ᠵᠠᠳᠠᠯᠬᠤ ᠪᠠ ᠶᠡᠷᠦᠩᠬᠡᠶᠢᠯᠡᠬᠦ ᠪᠠᠷ ᠳᠠᠮᠵᠢᠭᠤᠯᠤᠨ᠂  ᠦᠢᠯᠡᠴᠢᠯᠡᠭᠡᠨ ᠤ ᠳᠤᠮᠳᠠᠬᠢ ᠳᠤᠲᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠳᠠᠯᠳᠠ ᠠᠰᠠᠭᠤᠳᠠᠯ ᠢ ᠠᠭᠤᠳᠠᠯᠤᠨ ᠭᠠᠷᠭᠠᠵᠤ᠂ ᠴᠢᠭᠯᠡᠭᠦᠯᠬᠦ ᠴᠢᠨᠠᠷᠲᠠᠶ ᠪᠠᠷ ᠴᠣᠩᠬᠤᠪᠴᠢ ᠶᠢᠨ ᠠᠵᠢᠯᠲᠠᠨ  ᠢ ᠪᠣᠯᠪᠠᠰᠤᠷᠠᠭᠤᠯᠤᠯ ᠬᠥᠷᠲᠡᠭᠡᠬᠦ ᠪᠠ ᠬᠥᠲᠥᠯᠦᠨ ᠵᠢᠯᠣᠭᠤᠳᠴᠤ᠂ ᠴᠣᠩᠬᠤᠪᠴᠢ ᠶᠢᠨ ᠠᠵᠢᠯᠲᠠᠨ ᠤ ᠠᠵᠢᠯᠯᠠᠬᠤ ᠠᠷᠭ᠎ᠠ ᠪᠠᠨ ᠲᠠᠰᠤᠷᠠᠯᠲᠠ ᠥᠬᠡᠶ ᠰᠠᠶᠢᠵᠢᠷᠠᠭᠤᠯᠤᠨ᠂  ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂  ᠦᠢᠯᠡᠴᠢᠯᠡᠭᠡᠨ ᠤ ᠬᠢᠷᠢ ᠬᠡᠮᠵᠢᠶ᠎ᠡ ᠪᠠᠨ  ᠳᠡᠭᠡᠭᠰᠢᠯᠡᠭᠦᠯᠪᠡ᠃ ︽ᠦᠨᠡᠯᠡᠬᠦ︾ ᠰᠢᠰᠲ᠋ᠧᠮ ᠢ ᠪᠥᠬᠦ ᠲᠠᠯ᠎ᠠ ᠪᠠᠷ ᠬᠡᠷᠡᠭᠯᠡᠭᠰᠡᠨ ᠢᠶᠠᠷ᠂ ᠣᠯᠠᠨ ᠲᠦᠮᠡᠨ ᠤ ᠬᠢᠨᠠᠯᠲᠠ ᠲᠠᠯᠪᠢᠬᠤ  ᠦᠢᠯᠡᠳᠦᠯ ᠢ ᠦᠨᠡᠨ ᠬᠦ ᠪᠠᠳᠠᠷᠠᠭᠤᠯᠵᠤ᠂ ᠶᠡᠭᠡ ᠲᠢᠩᠬᠢᠮ  ᠴᠣᠩᠬᠤᠪᠴᠢ ᠶᠢᠨ ᠠᠵᠢᠯᠲᠠᠨ ᠤ ᠠᠵᠢᠯ ᠤᠨ ᠰᠤᠷᠲᠠᠯ ᠢ ᠬᠤᠪᠢᠷᠠᠭᠤᠯᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号