ᠠᠤᠬᠠᠨ ᠬᠤᠰᠢᠭᠤᠨ ᠤ ᠬᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠣᠭᠲᠠᠭᠠᠯ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠬᠤ ᠪᠠᠷ ᠪᠣᠶ
ᠨᠡᠶᠢᠲᠡᠯᠡᠭᠰᠡᠨ ᠴᠠᠭ᠄
2023/2/16
 
   2 ᠰᠠᠷ᠎ᠠ ᠶᠢᠨ 14 ᠤ ᠡᠳᠦᠷ᠂ ᠪᠥᠬᠦ ᠬᠤᠰᠢᠭᠤᠨ ᠤ 2023 ᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠴᠢ ᠬᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠤᠷᠭᠠᠨ ᠬᠥᠮᠦᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    ᠬᠤᠷᠠᠯ ᠠᠴᠠ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠵᠡᠷᠭᠡ ᠠᠷᠪᠠᠨ ᠬᠤᠶᠠᠷ ᠰᠠᠯᠠᠭ᠎ᠠ ᠮᠥᠴᠢᠷ ᠤᠨ ︽ᠰᠢᠨᠵᠢᠯᠡᠭᠡᠨ ᠤ ᠲᠥᠷᠥᠯ ᠤᠨ ᠨᠢᠭᠤᠭᠳᠠᠮᠠᠯ ᠣᠨᠳᠣᠣᠰᠢᠯ ᠤᠨ ᠪᠣᠯᠪᠠᠰᠤᠷᠠᠭᠤᠯᠤᠯ ᠤᠨ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ︾ ᠪᠣᠯᠣᠨ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ︽2023 ᠣᠨ ᠤ ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠯᠲᠠ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠮᠵᠢᠭᠤᠯᠪᠠ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠠᠰᠠᠯᠲᠠ ᠶᠢᠨ ᠪᠠᠶᠢᠳᠠᠯ ᠳᠤ ᠴᠢᠭᠯᠡᠭᠦᠯᠦᠨ᠂ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠭᠤᠷᠪᠠᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠡᠭᠡᠷ᠎ᠡ ᠠᠵᠢᠯ ᠤᠨ ᠮᠡᠳᠡᠭᠡᠯᠡᠯ ᠬᠢᠵᠡᠢ᠃    ᠵᠠᠩ ᠴᠢ ᠬᠠᠩ ᠶᠠᠷᠢᠶᠠᠨ ᠳᠠᠭᠠᠨ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ︔ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠠᠵᠢᠯᠯᠠᠵᠤ᠂ ︽ᠠᠵᠢᠯ ᠳᠤ ᠬᠡᠪ ᠳᠠᠭᠤᠷᠢᠶᠠᠯ ᠦᠵᠡᠭᠦᠯᠬᠦ᠂ ᠨᠠᠶᠢᠳᠠᠪᠤᠷᠢᠵᠢᠭᠤᠯᠬᠤ ᠳᠤ ᠪᠠᠷᠢᠮᠵᠢᠶ᠎ᠠ ᠲᠠᠢ ᠪᠠᠶᠢᠬᠤ᠂ ᠰᠢᠪᠲᠤᠯᠬᠤ ᠳᠤ ᠦᠨᠳᠦᠰᠦ ᠪᠠᠷᠢᠮᠲᠠ ᠲᠠᠢ ᠪᠠᠶᠢᠬᠤ︾ ᠤᠬᠠᠮᠰᠠᠷ ᠢ ᠪᠣᠶ ᠪᠣᠯᠭᠠᠵᠤ᠂ ᠨᠢᠭᠡ ᠲᠠᠯ᠎ᠠ ᠪᠠᠷ ᠬᠠᠮᠢᠶᠠᠷᠤᠯᠲᠠ ᠶᠢ ᠠᠳᠬᠤᠵᠤ᠂ ᠨᠥᠭᠦᠭᠡ ᠲᠠᠯ᠎ᠠ ᠪᠠᠷ ᠬᠥᠭᠵᠢᠯᠲᠡ ᠶᠢ ᠠᠳᠬᠤᠬᠤ ᠶᠢ ᠪᠠᠷᠢᠮᠲᠠᠯᠠᠵᠤ᠂ ᠮᠠᠨ ᠤ ᠬᠤᠰᠢᠭᠤᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠵᠢᠷᠤᠮᠵᠢᠭᠤᠨ ᠡᠮᠬᠢ ᠵᠢᠷᠤᠮ ᠲᠠᠢ ᠪᠠᠶᠢᠯᠭᠠᠬᠤ ᠶᠢ ᠪᠠᠲᠤᠯᠠᠬᠤ ᠬᠡᠷᠡᠭᠲᠡᠢ︔ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠣᠭᠲᠠᠭᠤᠨ ᠢᠶᠠᠷ ᠤᠷᠤᠭᠰᠢᠯᠠᠨ ᠳᠠᠪᠰᠢᠵᠤ ᠂ ᠦᠢᠯᠡᠴᠢᠯᠡᠭᠡᠨ ᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠤᠨ ᠳᠠᠷᠠᠭ᠎ᠠ᠂ ᠠᠤᠬᠠᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠭᠰᠠᠨ ᠠᠵᠢᠯᠯᠠᠭ᠎ᠠ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠰᠢᠨᠵᠢᠯᠡᠭᠡᠨ ᠤ ᠲᠥᠷᠥᠯ ᠤᠨ ᠪᠣᠯᠪᠠᠰᠤᠷᠠᠯ᠂ ᠦᠨᠡᠮᠯᠡᠯ ᠦᠭᠡᠢ ᠪᠣᠯᠪᠠᠰᠤᠷᠠᠯ᠂ ᠰᠢᠨᠵᠢᠯᠡᠭᠡᠨ ᠤ ᠲᠥᠷᠥᠯ ᠤᠨ ᠪᠤᠰᠤ ᠪᠣᠯᠪᠠᠰᠤᠷᠠᠯ ᠤᠨ ᠪᠠᠶᠢᠭᠤᠯᠤᠮᠵᠢ ᠵᠢᠷᠤᠮᠵᠢᠯ ᠦᠭᠡᠢ ᠵᠡᠷᠭᠡ ᠲᠣᠪᠤᠶᠢᠮ᠎ᠠ ᠠᠰᠠᠭᠤᠳᠠᠯ ᠳᠤ ᠭᠤᠣᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠨᠢᠭᠡ ᠶᠢ ᠵᠠᠷᠯᠠᠨ ᠮᠡᠳᠡᠭᠳᠡᠵᠦ᠂ ᠮᠠᠨ ᠤ ᠬᠤᠰᠢᠭᠤᠨ ᠤ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢ  ᠬᠠᠮᠠᠭᠠᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号