| ᠠᠤᠬᠠᠨ ᠤ ᠬᠠᠷᠢᠶ᠎ᠠ ᠲᠣᠭᠤᠷᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠭᠤᠰᠢᠯᠠᠭᠤᠯᠵᠤ᠂ ᠠᠵᠤ ᠠᠬᠤᠶ ᠶᠢ ᠲᠣᠭᠲᠠᠪᠤᠷᠢᠵᠢᠭᠤᠯᠬᠤ ᠬᠠᠮ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠨ᠂ ᠢᠲᠡᠭᠡᠮᠵᠢᠲᠦ | ᠵᠢᠭᠡᠯᠡᠯᠭᠡ ᠶᠢᠨ ᠪᠦᠲᠦᠴᠡ ᠶᠢ ᠢᠳᠡᠪᠬᠢᠲᠡᠶ ᠰᠢᠯᠢᠳᠡᠭᠵᠢᠭᠦᠯᠵᠦ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠵᠦᠶ | ᠵᠣᠬᠢᠰᠲᠠᠶ ᠳᠣᠭᠢᠷᠠᠭᠤᠯᠤᠨ᠂ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠥᠷᠭᠡᠳᠬᠡᠬᠦ ᠶᠢ | ᠦᠷᠭᠦᠯᠵᠢᠯᠡᠨ ᠴᠢᠬᠤᠯᠠᠴᠢᠯᠠᠵᠤ᠂ ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ ᠶᠢ | ᠲᠣᠭᠲᠠᠭᠤᠨ ᠢᠶᠠᠷ ᠨᠡᠮᠡᠭᠳᠡᠭᠦᠯᠪᠡ᠃ ᠮᠥᠩᠭᠦᠨ ᠭᠦᠢᠯᠭᠡᠭᠡᠨ ᠤ ᠪᠠᠶᠢᠳᠠᠯ ᠶᠡᠷᠦᠩᠬᠡᠶ ᠳᠡᠭᠡᠨ ᠰᠠᠶᠢᠨ ᠪᠠᠶᠢᠵᠤ᠂ | ᠮᠥᠩᠭᠦᠨ ᠭᠦᠢᠯᠭᠡᠭᠡᠨ ᠤ ᠣᠷᠴᠢᠨ ᠨᠥᠬᠦᠴᠡᠯ ᠲᠠᠰᠤᠷᠠᠯᠳᠠ ᠦᠭᠡᠢ ᠰᠢᠯᠢᠳᠡᠭᠵᠢᠵᠦ᠂ ᠮᠥᠩᠭᠦᠨ ᠭᠦᠢᠯᠭᠡᠭᠡᠨ ᠤ | ᠬᠤᠷᠸ᠎ᠠ ᠠᠵᠤ ᠠᠬᠤᠶ ᠶᠢᠨ ᠲᠣᠭᠲᠠᠭᠤᠨ ᠪᠠᠶᠢᠳᠠᠯ ᠢ ᠳᠡᠮᠵᠢᠬᠦ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ | ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠬᠢᠷᠢ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠪᠡ᠃ | 2023 ᠣᠨ ᠤ 1 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 243.54 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.21% ᠨᠡᠮᠡᠭᠳᠡᠪᠡ︔ ᠡᠯ᠎ᠡ ᠵᠦᠢᠯ ᠤᠨ | ᠵᠢᠭᠡᠯᠡᠯᠭᠡ ᠶᠢᠨ ᠦᠯᠡᠳᠡᠪᠦᠷᠢ ᠲᠤᠭ᠎ᠠ 135.83 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 14.43% ᠨᠡᠮᠡᠭᠳᠡᠪᠡ︔ ᠲᠠᠷᠢᠶᠠᠯᠠᠩ ᠳᠤ ᠬᠤᠯᠪᠣᠭᠳᠠᠭᠰᠠᠨ ᠵᠢᠭᠡᠯᠡᠯᠭᠡ ᠶᠢᠨ | ᠦᠯᠡᠳᠡᠪᠦᠷᠢ 104.83 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9. | 69% ᠪᠠᠷ ᠨᠡᠮᠡᠭᠳᠡᠪᠡ︔ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ | 29.97 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.5% ᠨᠡᠮᠡᠭᠳᠡᠪᠡ︔ | ᠬᠠᠳᠠᠭᠠᠯᠠᠮᠵᠢ ᠪᠠ ᠵᠢᠭᠡᠯᠡᠯᠭᠡ ᠶᠢᠨ ᠬᠠᠷᠢᠴᠠᠯ ᠨᠢ 55.77 % ᠪᠣᠯᠪᠠ᠃ |