ᠤᠯᠤᠰ ᠤᠨ ᠴᠠᠬᠢᠯᠭᠠᠨ ᠲᠣᠤᠷ ᠤᠨ ᠠᠤᠬᠠᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ᠄ ᠭᠤᠷᠪᠠᠨ ᠵᠦᠢᠯ ᠤᠨ ᠠᠷᠭ᠎ᠠ ᠬᠡᠮᠵᠢᠶ᠎ᠡ ᠠᠪᠴᠤ ᠠᠵᠢᠯᠲᠠᠳ ᠤᠨ ᠠᠷᠢᠭᠤᠨ ᠴᠢᠬᠡᠴᠢ ᠶᠢᠨ ᠤᠬᠠᠮᠰᠠᠷ ᠢ  ᠨᠡᠮᠡᠭᠳᠡᠭᠦᠯᠪᠡ
ᠨᠡᠶᠢᠲᠡᠯᠡᠭᠰᠡᠨ ᠴᠠᠭ᠄
2023/2/17
     ᠨᠢᠭᠡ ᠳᠤ᠂ ᠤᠯᠤᠰ ᠲᠦᠷᠦ ᠶᠢᠨ ᠬᠢᠨᠠᠯᠲᠠ ᠶᠢ ᠥᠷᠨᠢᠭᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠴᠠᠬᠢᠯᠭᠠᠨ ᠬᠠᠩᠭᠠᠬᠤ ᠦᠢᠯᠡᠴᠢᠯᠡᠭᠡ᠂ ᠠᠶᠤᠯᠭᠦᠢ ᠦᠢᠯᠡᠳᠪᠦᠷᠢᠯᠡᠯ᠂ ︽ᠠᠵᠤ ᠠᠬᠤᠶᠢᠯᠠᠯ ᠳᠤ ᠲᠦᠰᠢᠭᠯᠡᠨ ᠠᠵᠤ ᠠᠬᠤᠶᠢᠯᠠᠯ ᠢ ᠢᠳᠡᠬᠦ︾ ᠲᠤᠰᠬᠠᠢ ᠴᠡᠭᠴᠡᠯᠡᠨ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠤᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭ ᠢᠶᠠᠷ ᠨᠡᠶᠢᠳᠡᠮ ᠢ ᠲᠠᠶᠢᠴᠢᠯᠠᠵᠤ᠂ ᠭᠤᠣᠯᠳᠠᠯᠭ᠎ᠠ ᠲᠠᠢ ᠠᠵᠢᠯ ᠤᠨ ᠰᠢᠪᠲᠤᠯᠤᠯᠲᠠ ᠪᠠᠷ ᠠᠵᠢᠯ ᠤᠨ ᠪᠦᠬᠦᠯᠢ ᠴᠣᠭᠴᠠ ᠶᠢᠨ ᠠᠬᠢᠴᠠ ᠶᠢ ᠲᠠᠶᠢᠴᠢᠯᠠᠵᠤ᠂ ᠵᠢᠵᠢᠭ ᠰᠠᠵᠢᠭ ᠵᠦᠢᠯ ᠠᠴᠠ ᠭᠡᠮ ᠰᠣᠭᠤᠭ ᠢ ᠢᠯᠡᠷᠡᠭᠦᠯᠵᠦ᠂ ᠠᠰᠠᠭᠤᠳᠠᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠵᠦ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠪᠠ᠃    ᠬᠤᠶᠠᠷ ᠲᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠰᠠᠨᠠᠭᠤᠯᠭ᠎ᠠ ᠶᠢ ᠴᠢᠩᠭᠠᠳᠬᠠᠪᠠ᠃  ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠪᠣᠯᠵᠣᠨ ᠶᠠᠷᠢᠯᠴᠠᠬᠤ ᠶᠢ ᠥᠷᠨᠢᠭᠦᠯᠵᠦ᠂ ᠤᠳᠤᠷᠢᠳᠬᠤ ᠪᠠᠭ ᠤᠨ ᠣᠨ ᠤ ᠪᠣᠯᠵᠣᠨ ᠶᠠᠷᠢᠯᠴᠠᠬᠤ ᠲᠥᠯᠥᠪᠯᠡᠭᠡ ᠪᠠᠨ ᠪᠡᠶᠡᠯᠡᠭᠦᠯᠬᠦ ᠶᠢ ᠰᠢᠪᠠᠳᠠᠨ ᠰᠠᠨᠠᠭᠤᠯᠵᠤ᠂ ᠳᠤᠮᠳᠠ ᠳᠠᠪᠬᠤᠷᠭ᠎ᠠ ᠶᠢᠨ ᠺᠠᠳ᠋ᠷᠴᠤᠳ ᠤᠨ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠤᠰ ᠤᠨ ᠴᠠᠬᠢᠯᠭᠠᠨ ᠲᠣᠤᠷ ᠤᠨ ᠠᠤᠬᠠᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠤᠳᠤᠷᠢᠳᠬᠤ ᠪᠠᠭ ᠨᠡᠶᠢᠲᠡ 30 ᠭᠠᠷᠤᠶ ᠬᠥᠮᠦᠨ ᠤᠳᠠᠭ᠎ᠠ ᠪᠣᠯᠵᠣᠨ ᠶᠠᠷᠢᠯᠴᠠᠪᠠ︔ ᠡᠭᠦᠨ ᠤ ᠵᠡᠷᠭᠡᠪᠡᠷ ᠲᠤᠰᠬᠠᠶ ᠮᠡᠷᠭᠡᠵᠢᠯ ᠤᠨ ᠳᠣᠲᠣᠷᠠᠬᠢ ᠴᠢᠬᠤᠯᠠ ᠠᠵᠢᠯ ᠤᠨ ᠪᠠᠶᠢᠷᠢ ᠶᠢᠨ ᠤᠯᠠᠨ ᠲᠦᠮᠡᠨ ᠲᠠᠢ ᠬᠠᠮᠲᠤ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠶᠠᠷᠢᠯᠴᠠᠭ᠎ᠠ ᠬᠢᠪᠡ᠃ ᠪᠠᠶᠠᠷ ᠤᠨ ᠡᠳᠦᠷ ᠤᠨ ᠬᠤᠭᠤᠴᠠᠭᠠᠨ ᠳᠤ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠰᠠᠨᠠᠭᠤᠯᠬᠤ ᠵᠡᠷᠭᠡ ᠠᠷᠭ᠎ᠠ ᠬᠡᠯᠪᠡᠷᠢ ᠪᠠᠷ ᠨᠠᠮ ᠤᠨ ᠭᠡᠰᠢᠭᠦᠨ ᠺᠠᠳ᠋ᠷᠴᠤᠳ ᠲᠤ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠳᠤ ᠬᠦᠷᠬᠦ ᠦᠭᠡᠢ᠂ ᠤᠯᠠᠭᠠᠨ ᠱᠣᠭᠤᠮ ᠠᠴᠠ ᠳᠠᠪᠠᠭ᠋ᠤ ᠦᠭᠡᠢ ᠪᠠᠶᠢᠬᠤ ᠶᠢ ᠰᠠᠨᠠᠭᠤᠯᠪᠠ᠃    ᠭᠤᠷᠪᠠ ᠳᠤ᠂ ᠠᠷᠢᠭᠤᠨ ᠴᠢᠬᠡᠴᠢ ᠰᠣᠶᠣᠯ ᠤᠨ ᠠᠴᠢᠶᠠᠯᠠᠪᠤᠷᠢ ᠶᠢᠨ ᠰᠢᠨ᠎ᠡ ᠶᠢ  ᠡᠭᠦᠳᠪᠡ᠃ ᠣᠷᠣᠨ ᠨᠤᠲᠤᠭ ᠤᠨ ᠠᠷᠢᠭᠤᠨ ᠴᠢᠬᠡᠴᠢ ᠰᠣᠶᠣᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠢᠶᠠᠷ ᠲᠣᠭᠤᠷᠢᠨ ᠦᠵᠡᠭᠦᠯᠵᠦ᠂ ᠨᠠᠮ ᠤᠨ ᠠᠷᠢᠭᠤᠨ ᠴᠢᠬᠡᠴᠢ ᠶᠢᠨ ᠭᠧᠨ ᠢ ᠤᠯᠠᠮᠵᠢᠯᠠᠨ  ᠵᠠᠯᠭᠠᠮᠵᠢᠯᠠᠪᠠ᠃ ᠶᠣᠰᠣ ᠮᠣᠷᠠᠯ ᠤᠨ ᠬᠢᠴᠢᠶᠡᠯ ᠤᠨ ᠲᠠᠩᠬᠢᠮ᠂ ᠬᠥᠮᠦᠨ ᠤ ᠬᠦᠴᠦᠨ ᠤ ᠶᠡᠭᠡ ᠬᠢᠴᠢᠶᠡᠯ ᠤᠨ ᠲᠠᠩᠬᠢᠮ ᠳᠤ ᠲᠦᠰᠢᠭᠯᠡᠨ᠂ ᠠᠷᠢᠭᠤᠨ ᠴᠢᠬᠡᠴᠢ ᠰᠣᠶᠣᠯ ᠤᠨ ᠪᠣᠯᠪᠠᠰᠤᠷᠠᠭᠤᠯᠤᠯ ᠢ  ᠦᠷᠨᠢᠭᠦᠯᠪᠡ᠃ ᠠᠰᠠᠷ ᠤᠨ ᠲᠧᠯᠸᠢᠰ ᠢ ᠠᠰᠢᠭᠯᠠᠨ ᠰᠡᠷᠡᠮᠵᠢᠯᠡᠭᠦᠯᠬᠦ ᠬᠥᠮᠦᠵᠢᠯ ᠤᠨ ᠲᠤᠰᠬᠠᠶ ᠰᠡᠳᠦᠪᠲᠦ ᠸᠢᠳᠢᠣ᠋ ᠶᠢ 5 ᠬᠤᠭᠤᠴᠠᠭ᠎ᠠ ᠭᠠᠷᠭᠠᠵᠤ᠂ ᠦᠢᠯᠡᠳᠪᠦᠷᠢᠯᠡᠯ ᠤᠨ ᠲᠠᠯᠠᠪᠤᠷ ᠲᠤ ᠠᠷᠢᠭᠤᠨ ᠴᠢᠬᠡᠴᠢ ᠰᠣᠶᠣᠯ ᠤᠨ ᠬᠥᠮᠦᠵᠢᠯ ᠤᠨ ᠵᠢᠷᠤᠭ ᠤᠨ ᠰᠠᠮᠪᠠᠷ᠎ᠠ ᠵᠣᠬᠢᠶᠠᠵᠤ᠂ ᠠᠷᠢᠭᠤᠨ ᠴᠢᠬᠡᠴᠢ ᠵᠠᠰᠠᠭ ᠤᠨ ᠪᠢᠴᠢᠯᠭᠡ ᠵᠢᠷᠤᠭ᠂ ᠠᠷᠢᠭᠤᠨ ᠴᠢᠬᠡᠴᠢ ᠵᠠᠰᠠᠭ ᠤᠨ ᠵᠠᠷᠯᠠᠯ ᠨᠠᠭᠠᠵᠤ᠂ ᠪᠦᠬᠦ ᠠᠵᠢᠯᠲᠠᠳ ᠢ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠠᠵᠢᠯᠯᠠᠭ᠎ᠠ ᠳᠤ ᠣᠷᠣᠯᠴᠠᠭᠤᠯᠵᠤ᠂ ᠠᠷᠢᠭᠤᠨ ᠴᠢᠬᠡᠴᠢ ᠠᠭᠤᠷ ᠠᠮᠢᠰᠬᠤᠯ ᠤᠨ ᠦᠷᠭᠦᠯᠵᠢᠯᠡᠨ ᠨᠢᠭᠲᠠᠷᠠᠵᠤ ᠪᠠᠶᠢᠬᠤ ᠶᠢ  ᠮᠡᠳᠡᠷᠡᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号