| 2 ᠰᠠᠷ᠎ᠠ ᠶᠢᠨ 16 ᠤ ᠡᠳᠦᠷ᠂ ᠤᠯᠠᠭᠠᠨᠬᠠᠳᠠ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠵᠠᠬᠢᠷᠤᠯ ᠸᠠᠩ ᠵᠢᠶᠠᠨ ᠵᠢᠶᠦ᠋ᠨ ᠨᠡᠷ ᠠᠤᠬᠠᠨ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ | ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠴᠢ ᠬᠠᠩ᠂ ᠬᠤᠰᠢᠭᠤᠨ ᠤ ᠵᠠᠰᠠᠭ ᠤᠨ | ᠣᠷᠳᠣᠨ ᠤ ᠳᠡᠳ᠋ ᠳᠠᠷᠤᠭ᠎ᠠ ᠲᠡᠷᠭᠡᠯ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠸᠠᠩ ᠵᠢᠶᠠᠨ ᠵᠢᠶᠦ᠋ᠨ ᠨᠡᠷ ᠠᠤᠬᠠᠨ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠵᠢᠭᠠᠨ | ᠰᠤᠷᠭᠠᠯᠲᠠ ᠶᠢᠨ ᠣᠷᠴᠢᠨ ᠲᠣᠭᠤᠷᠢᠨ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠭᠰᠢ ᠰᠤᠷᠤᠭᠴᠢᠳ ᠤᠨ | ᠰᠤᠷᠤᠯᠴᠠᠯᠭ᠎ᠠ᠂ ᠠᠮᠢᠳᠤᠷᠠᠯ ᠵᠡᠷᠭᠡ ᠦᠨᠳᠦᠰᠦᠨ ᠪᠠᠶᠢᠳᠠᠯ ᠢ ᠨᠠᠷᠢᠨ ᠣᠶᠢᠯᠠᠭᠠᠪᠠ᠃ ᠰᠤᠷᠭᠠᠭᠤᠯᠢ ᠶᠢᠨ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠮᠢᠶ᠎ᠠ ᠪᠥᠬᠦᠶ | ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ | ᠬᠤᠷᠠᠯ ᠳᠡᠭᠡᠷ᠎ᠡ᠂ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠭᠤᠤᠯ | ᠬᠠᠷᠢᠭᠤᠴᠠᠯᠭᠠᠲᠠᠨ ᠰᠤᠷᠭᠠᠭᠤᠯᠢ ᠶᠢᠨ ᠡᠯ᠎ᠡ ᠵᠦᠢᠯ ᠤᠨ ᠠᠵᠢᠯ ᠢ ᠥᠷᠨᠢᠭᠦᠯᠦᠭᠰᠡᠨ ᠪᠠᠶᠢᠳᠠᠯ᠂ ᠪᠠᠭᠰᠢ | ᠰᠣᠷᠣᠭᠴᠢ ᠶᠢᠨ ᠲᠤᠭ᠎ᠠ ᠵᠡᠷᠭᠡ ᠪᠠᠶᠢᠳᠠᠯ ᠢ ᠪᠠᠶᠢᠴᠠᠭᠠᠨ ᠰᠤᠳᠤᠯᠬᠤ ᠳᠤᠭᠤᠶᠢᠯᠠᠩ ᠳᠤ ᠬᠠᠷᠢᠭᠤ ᠮᠡᠳᠡᠭᠦᠯᠪᠡ᠃ ᠸᠠᠩ | ᠵᠢᠶᠠᠨ ᠵᠢᠶᠦ᠋ᠨ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢᠨ ᠦᠷ᠎ᠡ ᠪᠦᠲᠦᠭᠡᠯ ᠢ ᠨᠤᠲᠠᠯᠠᠬᠤ ᠶᠢᠨ ᠬᠠᠮᠲᠤ ᠤᠯᠠᠭᠠᠨᠬᠠᠳᠠ ᠶᠢᠨ ᠠᠵᠤ ᠦᠢᠯᠡᠳᠪᠦᠷᠢ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ᠂ ᠵᠢᠭᠠᠨ | ᠰᠤᠷᠭᠠᠯᠲᠠ ᠶᠢᠨ ᠬᠢᠷᠢ ᠲᠦᠪᠰᠢᠨ᠂ ᠪᠠᠭᠰᠢ ᠶᠢᠨ ᠬᠦᠴᠦᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ | ᠠᠷᠭ᠎ᠠ᠂ ᠲᠤᠰᠬᠠᠢ ᠮᠡᠷᠭᠡᠵᠢᠯ ᠤᠨ ᠲᠥᠬᠦᠭᠡᠷᠦᠮᠵᠢ᠂ ᠰᠤᠷᠭᠠᠭᠤᠯᠢ ᠶᠢᠨ ᠳᠠᠷᠠᠭᠠᠴᠢ ᠶᠢᠨ ᠠᠯᠬᠤᠮ ᠤᠨ | ᠬᠥᠭᠵᠢᠯᠲᠡ ᠶᠢᠨ ᠲᠥᠯᠥᠪᠵᠢᠭᠦᠯᠭᠡ ᠵᠡᠷᠭᠡ ᠲᠠᠯ᠎ᠠ ᠪᠠᠷ ᠨᠠᠷᠢᠨ ᠨᠢᠭᠲᠠ ᠲᠠᠨᠢᠯᠴᠠᠭᠤᠯᠵᠠᠢ᠃ | | ᠸᠠᠩ ᠵᠢᠶᠠᠨ ᠵᠢᠶᠦ᠋ᠨ ᠵᠢᠭᠠᠵᠤ ᠭᠠᠷᠭᠠᠭᠰᠠᠨ ᠨᠢ᠂ ᠬᠤᠶᠠᠷ ᠲᠠᠯ᠎ᠠ ᠶᠢᠨ ᠶᠡᠭᠡ ᠳᠡᠭᠡᠳᠦ ᠰᠤᠷᠭᠠᠭᠤᠯᠢ ᠨᠤᠭᠤᠳ | ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠰᠤᠷᠭᠠᠨ ᠬᠥᠮᠦᠵᠢᠯ ᠤᠨ | ᠴᠢᠭᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠣᠰᠣ ᠮᠣᠷᠠᠯ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ | ᠦᠨᠳᠦᠰᠦᠨ ᠡᠭᠦᠷᠭᠡ ᠶᠢ ᠪᠠᠲᠤ ᠰᠠᠬᠢᠵᠤ᠂ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠤᠨ ᠲᠠᠯ᠎ᠠ ᠪᠠᠷ ᠰᠢᠨ᠎ᠡ ᠶᠢ | ᠡᠭᠦᠳᠴᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠡᠪ ᠴᠢᠨᠠᠷ ᠪᠠ ᠰᠤᠷᠭᠠᠭᠤᠯᠢ ᠡᠷᠬᠢᠯᠡᠬᠦ ᠶᠡᠷᠦᠩᠬᠡᠶᠢᠯᠡᠭᠰᠡᠨ | ᠪᠣᠳᠠᠲᠤ ᠬᠦᠴᠦᠨ ᠢ ᠳᠡᠭᠡᠭᠰᠢᠯᠡᠭᠦᠯᠵᠦ᠂ ᠰᠤᠷᠭᠠᠭᠤᠯᠢ ᠶᠢᠨ ᠠᠭᠤᠯᠤᠭᠳᠠᠬᠤᠨ ᠤ ᠬᠥᠭᠵᠢᠯᠲᠡ ᠶᠢ | ᠭᠤᠣᠯᠳᠠᠯᠭ᠎ᠠ ᠲᠠᠢ ᠪᠠᠷ ᠲᠦᠯᠬᠢᠨ ᠠᠬᠢᠭᠤᠯᠵᠤ᠂ ᠰᠤᠷᠭᠠᠭᠤᠯᠢ ᠶᠢᠨ ᠬᠠᠮᠢᠶᠠᠷᠤᠯᠲᠠ ᠶᠢᠨ ᠵᠠᠭᠪᠤᠷ ᠢ | ᠰᠢᠯᠢᠳᠡᠭᠵᠢᠭᠦᠯᠬᠦ ᠶᠢᠨ ᠤᠯᠠᠮ ᠠᠴᠠ ᠰᠤᠷᠭᠠᠨ ᠬᠥᠮᠦᠵᠢᠯ ᠤᠨ ᠦᠢᠯᠡᠰ ᠤᠨ ᠦᠷᠭᠦᠯᠵᠢᠯᠡᠨ ᠬᠥᠭᠵᠢᠬᠦ ᠶᠢ ᠲᠦᠯᠬᠢᠨ | ᠠᠬᠢᠭᠤᠯᠵᠤ᠂ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ | ᠲᠠᠯ᠎ᠠ ᠪᠠᠷ ᠬᠥᠭᠵᠢᠭᠰᠡᠨ ᠬᠥᠮᠦᠨ ᠬᠥᠮᠦᠵᠢᠭᠦᠯᠬᠦ ᠰᠢᠰᠲ᠋ᠧᠮ ᠢ ᠴᠢᠷᠮᠠᠶᠢᠨ ᠪᠠᠶᠢᠭᠤᠯᠵᠤ᠂ ᠠᠷᠠᠳ ᠲᠦᠮᠡᠨ ᠤ ᠰᠡᠳᠬᠢᠯ | ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ ᠭᠡᠪᠡ᠃ | ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ | ᠰᠤᠷᠭᠠᠭᠤᠯᠢ ᠶᠢᠨ ᠭᠤᠣᠯ ᠬᠠᠷᠢᠭᠤᠴᠠᠯᠭᠠᠳᠠᠨ ᠵᠢᠴᠢ ᠬᠤᠪᠢᠳᠠᠨ ᠬᠠᠮᠢᠶᠠᠷᠬᠤ ᠬᠠᠷᠢᠭᠤᠴᠠᠯᠭᠠᠳᠠᠨ ᠪᠠᠷ᠎ᠠ ᠪᠣᠯᠵᠤ | ᠪᠠᠶᠢᠴᠠᠭᠠᠨ ᠰᠣᠳᠤᠯᠤᠯᠲᠠ ᠬᠢᠪᠡ᠃ | |