ᠬᠤᠰᠢᠭᠤᠨ ᠤ ᠠᠵᠤ  ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2023/2/20
   ᠨᠢᠭᠡ ᠳᠤ᠂ ᠮᠠᠨᠢᠬᠠᠨ ᠰᠢᠶᠠᠩ ᠤᠨ ᠺᠦᠨ ᠶᠤᠸᠠᠨ ᠪᠦᠦ ᠴᠧᠩ G ᠬᠥᠷᠥᠩᠭᠡ ᠶᠢᠨ ᠮᠥᠭᠦ ᠶᠢᠨ ᠲᠥᠷᠥᠯ  ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 700 ᠲᠦᠮᠡᠨ ᠲᠥᠭᠦᠷᠢᠭ ᠤᠨ ᠪᠠᠯᠠ ᠣᠷᠣᠭᠤᠯᠵᠤ᠂ 336 ᠲᠦᠮᠡᠨ ᠲᠥᠭᠦᠷᠢᠭ ᠤᠨ ᠪᠠᠯᠠ ᠬᠥᠷᠥᠩᠭᠡ ᠶᠢᠨ ᠠᠰᠢᠭ ᠣᠷᠣᠯᠭ᠎ᠠ ᠣᠯᠵᠤ᠂ ᠵᠢᠯ ᠪᠦᠷᠢ 420 ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠪᠠᠯᠠ ᠬᠥᠷᠥᠩᠭᠡ ᠶᠢᠨ ᠠᠰᠢᠭ ᠣᠷᠣᠯᠭ᠎ᠠ ᠶᠢ  ᠬᠦᠷᠲᠡᠪᠡ᠃    ᠬᠤᠶᠠᠷ ᠲᠤ᠂ ᠬᠠᠶ ᠳ᠋ᠢᠶᠠᠨ ᠲᠣᠭᠤᠷᠢᠭ ᠲᠠᠢ ᠢᠳᠡᠪᠬᠢᠲᠡᠶ ᠪᠠᠷ ᠵᠣᠯᠭᠠᠭᠤᠯᠵᠤ᠂ ᠬᠡᠷᠡᠭᠯᠡᠭᠡᠨ ᠤ ᠬᠠᠪᠰᠤᠷᠤᠨ ᠲᠡᠳᠬᠦᠬᠦ ᠠᠵᠢᠯ ᠤᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂  ᠦᠢᠯᠡᠳᠪᠦᠷᠢᠯᠡᠯ ᠪᠣᠷᠣᠯᠠᠭᠤᠯᠭ᠎ᠠ ᠶᠢᠨ ᠲᠠᠪᠴᠠᠩ ᠢ ᠪᠠᠶᠢᠭᠤᠯᠵᠤ᠂ ᠪᠡᠭᠡᠵᠢᠩ ᠤᠨ ᠵᠠᠬ᠎ᠠ ᠳᠡᠯᠭᠡᠭᠦᠷ ᠪᠠ 832 ᠲᠠᠪᠴᠠᠩ ᠵᠡᠷᠭᠡ ᠠᠷᠭ᠎ᠠ ᠵᠠᠮ ᠢ ᠠᠰᠢᠭᠯᠠᠨ᠂ ᠠᠤᠬᠠᠨ ᠤ ᠪᠣᠬᠢᠷᠲᠤᠯ ᠥᠬᠡᠶ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠵᠤ ᠬᠠᠩᠭᠠᠬᠤ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠵᠦ᠂ ᠠᠤᠬᠠᠨ ᠤ ᠨᠠᠷᠠᠲᠤ ᠲᠡᠮᠳᠡᠭ ᠤᠨ ᠠᠯᠳᠠᠷᠰᠢᠯ ᠪᠠ ᠰᠠᠶᠢᠰᠢᠶᠠᠯ ᠤᠨ ᠬᠡᠮᠵᠢᠶ᠎ᠡ ᠶᠢ ᠳᠡᠭᠡᠭᠰᠢᠯᠡᠭᠦᠯᠪᠡ᠃    ᠭᠤᠷᠪᠠ ᠳᠤ᠂ ᠪᠡᠭᠡᠵᠢᠩ ᠤᠨ  ᠱᠸᠦ ᠼᠠᠢ ᠶᠦᠨ ᠲᠦᠩ ᠬᠤᠳᠠᠯᠳᠤᠭᠠᠨ ᠤ ᠶᠠᠪᠤᠳᠠᠯ᠂  ᠪᠧᠨ ᠯᠠᠢ ᠱᠧᠩ ᠾᠦᠸᠧ ᠰᠦᠯᠵᠢᠶ᠎ᠡ ᠵᠡᠷᠭᠡ ᠠᠵᠤ ᠠᠬᠤᠶᠢᠯᠠᠯ ᠤᠨ ᠠᠤᠬᠠᠨ ᠬᠤᠰᠢᠭᠤᠨ ᠳᠤ ᠢᠷᠡᠵᠦ ᠬᠤᠳᠠᠯᠳᠤᠨ ᠠᠪᠬᠤ ᠠᠵᠢᠯᠯᠠᠭ᠎ᠠ ᠥᠷᠨᠢᠭᠦᠯᠬᠦ ᠶᠢ ᠢᠳᠡᠪᠬᠢᠲᠡᠶ ᠵᠣᠬᠢᠴᠠᠭᠤᠯᠵᠤ᠂ ᠾᠧ  ᠹᠧᠩ ᠹᠦ᠋ ᠰᠢᠨ ᠶᠤᠸᠠᠨ ᠢᠳᠡᠭᠡᠨ᠂ ᠥᠪᠥᠷ ᠮᠣᠩᠭᠤᠯ ᠤᠨ ᠶᠢᠨ ᠭᠸᠦ ᠲᠠᠷᠢᠶᠠᠯᠠᠩ᠂ ᠠᠤᠬᠠᠨ ᠬᠤᠰᠢᠭᠤᠨ ᠤ ᠸᠧᠶ ᠶᠤᠸᠠᠨ ᠠᠮᠤ ᠪᠤᠳᠠᠭᠠᠨ ᠤ  ᠦᠢᠯᠡᠰ ᠵᠡᠷᠭᠡ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠬᠤᠳᠠᠯᠳᠤᠨ ᠠᠪᠬᠤ ᠬᠡᠯᠡᠯᠴᠡᠭᠡᠷ  ᠳᠣᠭᠲᠠᠪᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠡᠷᠭᠡ ᠣᠯᠠᠨ  ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠪᠠ ᠤᠨᠴᠠᠯᠢᠬᠳᠤ ᠭᠠᠷ ᠤᠷᠠᠯᠠᠯ ᠤᠨ ᠪᠦᠲᠦᠭᠡᠭᠳᠡᠬᠦᠨ ᠢ 10.8 ᠳ᠋ᠦᠩᠰᠢᠭᠤᠷ ᠲᠥᠭᠦᠷᠢᠭ  ᠪᠣᠷᠤᠯᠠᠭᠤᠯᠪᠠ᠃    ᠲᠦᠷᠪᠡ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠨᠠᠶᠢᠳᠠᠪᠤᠷᠢᠵᠢᠭᠤᠯᠵᠤ᠂ ᠲᠣᠪᠴᠢᠶ᠎ᠠ ᠶᠢᠨ  ᠪᠠᠶᠢᠭᠤᠯᠭ᠎ᠠ ᠠᠴᠠ 2 ᠺᠠᠳ᠋ᠷ ᠢ ᠰᠧ ᠵᠢᠶᠠ ᠽᠢ ᠪᠠᠯᠭᠠᠰᠤ ᠶᠢᠨ ᠬᠤᠯᠪᠤᠭᠠᠯᠠᠨ ᠳᠠᠭᠠᠭᠠᠴᠢᠯᠠᠬᠤ ᠲᠣᠰᠬᠤᠨ ᠳᠤ ᠲᠣᠮᠢᠯᠠᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠭᠦᠯᠵᠦ᠂ ᠲᠣᠰᠬᠤᠨ ᠢ ᠬᠠᠪᠰᠤᠷᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ  ᠬᠢᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号