ᠠᠤᠬᠠᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠵᠣᠬᠢᠴᠠᠭᠤᠯᠤᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ  ᠬᠤᠷᠠᠯᠳᠤᠪᠠ
ᠨᠡᠶᠢᠲᠡᠯᠡᠭᠰᠡᠨ ᠴᠠᠭ᠄
2023/2/20
    ᠣᠷᠴᠢᠮ ᠤᠨ ᠡᠳᠦᠷ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ 12345 ᠵᠠᠰᠠᠭ ᠤᠨ ᠶᠠᠪᠤᠳᠠᠯ  ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ  ᠬᠠᠯᠠᠮᠰᠢᠯ ᠤᠲᠠᠰᠤᠨ ᠤ ᠠᠵᠢᠯ ᠢ ᠵᠣᠬᠢᠴᠠᠭᠤᠯᠤᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠯᠠᠨ ᠲᠦᠮᠡᠨ ᠤ ᠲᠤᠰᠬᠠᠭᠰᠠᠨ ᠬᠠᠯᠠᠮᠰᠢᠯ ᠴᠡᠭ ᠤᠨ ᠠᠵᠢᠯ ᠤᠨ ᠬᠠᠭᠤᠳᠠᠰᠤ᠂ ᠬᠦᠴᠢᠷ ᠲᠦᠪᠡᠭᠲᠡᠶ ᠠᠵᠢᠯ ᠤᠨ ᠬᠠᠭᠤᠳᠠᠰᠤ᠂ ᠠᠵᠢᠯ ᠤᠨ ᠬᠠᠭᠤᠳᠠᠰᠤ ᠶᠢ  ᠰᠢᠢᠳᠪᠦᠷᠢᠯᠡᠬᠦ ᠵᠡᠷᠭᠡ ᠲᠠᠯ᠎ᠠ ᠪᠠᠷ ᠵᠣᠬᠢᠴᠠᠭᠤᠯᠤᠨ ᠠᠬᠢᠭᠤᠯᠬᠤ ᠪᠠ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠪᠠ᠃ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠸᠠᠩ ᠶᠠᠩ ᠸᠠ ᠪᠠᠯᠭᠠᠰᠤ᠂  ᠬᠤᠢ ᠵᠧᠤ ᠵᠡᠭᠡᠯᠢ ᠭᠤᠳᠤᠮᠵᠢ᠂ ᠰᠢᠨ ᠬᠤᠶ ᠪᠠᠯᠭᠠᠰᠤ᠂ ᠰᠢᠶᠠ ᠸᠠ ᠪᠠᠯᠭᠠᠰᠤ ᠶᠢᠨ ᠨᠡᠶᠢᠲᠡ 8 ᠰᠠᠯᠠᠭ᠎ᠠ ᠮᠥᠴᠢᠷ ᠤᠨ 12345  ᠬᠠᠯᠠᠮᠰᠢᠯ ᠤᠲᠠᠰᠤᠨ ᠤ ᠠᠵᠢᠯ ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠵᠢᠴᠢ ᠪᠣᠳᠠᠲᠠᠶ ᠠᠵᠢᠯᠲᠠᠳ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠠᠵᠢᠯ ᠤᠨ ᠬᠠᠭᠤᠳᠠᠰᠤ ᠶᠢ  ᠰᠢᠢᠳᠪᠦᠷᠢᠯᠡᠬᠦ ᠳᠤ ᠬᠠᠨᠤᠮᠵᠢ ᠥᠬᠡᠶ ᠪᠠᠶᠢᠬᠤ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠵᠣᠬᠢᠴᠠᠭᠤᠯᠤᠨ ᠬᠠᠮᠵᠢᠯᠴᠠᠬᠤ᠂ ᠲᠠᠪᠴᠠᠩ ᠤᠨ ᠮᠡᠳᠡᠯᠭᠡ ᠶᠢᠨ ᠬᠥᠮᠥᠷᠭᠡ ᠶᠢ ᠰᠢᠨᠡᠳᠬᠡᠬᠦ ᠵᠢᠴᠢ ᠠᠵᠢᠯ ᠤᠨ ᠬᠠᠭᠤᠳᠠᠰᠤ ᠶᠢ ᠰᠡᠷᠭᠦᠭᠡᠬᠦ ᠦᠷ᠎ᠡ ᠪᠦᠲᠦᠮᠵᠢ ᠪᠠ ᠶᠠᠰᠤ ᠴᠢᠨᠠᠷ ᠢ ᠬᠡᠷᠬᠢᠨ ᠳᠡᠭᠡᠭᠰᠢᠯᠡᠭᠦᠯᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠭᠰᠡᠨ ᠥᠬᠡᠶ ᠠᠰᠠᠭᠤᠳᠠᠯ ᠢ ᠵᠠᠷᠯᠠᠨ ᠲᠣᠳᠣᠷᠬᠠᠶᠢᠯᠠᠵᠤ᠂ ᠬᠤᠷᠠᠯ ᠳᠤ ᠣᠷᠣᠯᠴᠠᠭᠰᠠᠳ ᠨᠠᠷᠢᠨ ᠨᠢᠭᠲᠠ ᠰᠤᠳᠤᠯᠵᠤ᠂ ᠰᠠᠨᠠᠯ ᠢᠶᠠᠨ ᠭᠦᠨᠵᠡᠭᠡᠶ ᠰᠣᠯᠢᠯᠴᠠᠪᠠ᠃ ᠡᠯ᠎ᠡ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠣᠯᠤᠨ ᠪᠣᠳᠠᠲᠠᠶ ᠠᠵᠢᠯ ᠤᠨ ᠬᠠᠭᠤᠳᠠᠰᠤ ᠶᠢᠨ ᠲᠤᠰᠬᠠᠭᠰᠠᠨ ᠠᠰᠠᠭᠤᠳᠠᠯ ᠲᠠᠢ ᠤᠶᠠᠯᠳᠤᠭᠤᠯᠤᠨ᠂ ᠲᠤᠬᠠᠶ ᠶᠢᠨ ᠲᠠᠯᠠᠪᠤᠷ ᠲᠤᠨᠢ ᠮᠠᠳᠠᠭ ᠲᠠᠢ ᠠᠰᠠᠭᠤᠳᠠᠯ ᠢ ᠨᠢ  ᠰᠢᠢᠳᠪᠦᠷᠢᠯᠡᠵᠦ ᠲᠥᠭᠡᠷᠢᠭᠳᠡᠯ ᠢ ᠨᠢ  ᠲᠠᠶᠢᠯᠪᠤᠷᠢᠯᠠᠪᠠ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ 12345 ᠬᠠᠯᠠᠮᠰᠢᠯ ᠤᠲᠠᠰᠤᠨ ᠤ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ 12345  ᠬᠠᠯᠠᠮᠰᠢᠯ ᠤᠲᠠᠰᠤᠨ ᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠨ᠂ ᠠᠵᠢᠯ ᠤᠨ ᠬᠠᠭᠤᠳᠠᠰᠤ ᠶᠢ  ᠭᠦᠢᠴᠡᠳᠭᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠠᠴᠠ ᠡᠭᠦᠰᠴᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠮᠵᠢᠯᠴᠠᠭ᠎ᠠ ᠪᠠᠨ ᠴᠢᠩᠭᠠᠳᠬᠠᠨ᠂ ᠣᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ᠂ ᠮᠠᠨ ᠤ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ  ᠬᠠᠯᠠᠮᠰᠢᠯ ᠤᠲᠠᠰᠤᠨ ᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ  ᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号