ᠰᠡᠴᠡᠨ ᠠᠤᠬᠠᠨ ᠬᠤᠰᠢᠭᠤᠨ ᠳᠤ ᠬᠦᠷᠴᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/2/20
   2 ᠰᠠᠷ᠎ᠠ ᠶᠢᠨ 16 ᠤ ᠡᠳᠦᠷ᠂ ᠤᠯᠠᠭᠠᠨᠬᠠᠳᠠ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ  ᠰᠡᠴᠡᠨ ᠨᠡᠷ ᠠᠤᠬᠠᠨ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠵᠢᠭᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠶᠦᠩ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠰᠢᠶᠠ ᠯᠢ ᠮᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠾᠦᠢ ᠫᠦᠸᠧ ᠨᠠᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠰᠡᠴᠡᠨ ᠨᠡᠷ ᠤᠷᠢᠳ ᠬᠤᠵᠢᠳ  ᠬᠤᠢ ᠵᠧᠦ ᠵᠡᠭᠡᠯᠢ ᠭᠤᠳᠤᠮᠵᠢ ᠶᠢᠨ  ᠵᠧᠨ ᠰᠢᠩ ᠨᠡᠶᠢᠭᠡᠮ ᠲᠣᠭᠤᠷᠢᠭ ᠪᠣᠯᠤᠨ ᠢᠦᠢ ᠶᠠᠨ ᠲᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠰᠬᠠᠢ ᠰᠡᠳᠦᠪᠲᠦ ᠹᠢᠯᠢᠮ ᠢ ᠦᠵᠡᠬᠦ᠂ ᠲᠠᠶᠢᠯᠤᠮᠵᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠠᠤᠬᠠᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠨᠠᠷᠢᠨ ᠣᠶᠢᠯᠠᠭᠠᠪᠠ᠃    ᠶᠠᠷᠢᠯᠴᠠᠬᠤ ᠬᠤᠷᠠᠯ ᠳᠡᠭᠡᠷ᠎ᠡ᠂ ᠶᠠᠩ ᠾᠦᠢ ᠫᠦᠸᠧ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠᠨ ᠬᠠᠷᠢᠭᠤ ᠮᠡᠳᠡᠭᠦᠯᠪᠡ᠃    ᠰᠡᠴᠡᠨ ᠠᠴᠠ᠂ ᠨᠢᠭᠡ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠤᠬᠠᠭᠤᠯᠤᠨ  ᠳᠣᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ  ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ  ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠰᠢᠨ᠎ᠡ ᠱᠠᠭᠠᠷᠳᠠᠯᠭ᠎ᠠ᠂ ᠰᠢᠨ᠎ᠡ ᠪᠠᠶᠢᠷᠢᠯᠠᠭᠤᠯᠤᠯᠲᠠ᠂ ᠰᠢᠨ᠎ᠡ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠣᠳᠠᠲᠠᠢ ᠪᠥᠭᠡᠳ ᠨᠠᠷᠢᠯᠢᠭ ᠬᠢᠬᠦ ᠬᠡᠷᠡᠭᠲᠡᠢ᠃ ᠬᠤᠶᠠᠷ ᠲᠤ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ︵ᠲᠤᠰᠬᠠᠶ ᠣᠷᠣᠨ᠂ ᠵᠧᠤ᠂ ᠠᠶᠢᠮᠠᠭ︶᠂ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠰᠢᠯᠭᠠᠨ ᠲᠣᠭᠲᠠᠭᠠᠬᠤ ᠭᠦᠢᠴᠡᠳᠬᠡᠯ ᠲᠤᠭ᠎ᠠ︾ ᠶᠢ ᠰᠤᠳᠤᠯᠤᠨ ᠣᠶᠢᠯᠠᠭᠠᠵᠤ᠂  ᠭᠦᠢᠴᠡᠳᠭᠡᠯ ᠲᠤᠭ᠎ᠠ ᠶᠢᠨ ᠱᠠᠭᠠᠷᠳᠠᠯᠭ᠎ᠠ ᠶᠣᠰᠣᠭᠠᠷ ᠡᠭᠦᠳᠦᠨ ᠪᠠᠶᠢᠭᠤᠯᠬᠤ ᠡᠯ᠎ᠡ ᠵᠦᠢᠯ  ᠤᠨ ᠭᠤᠤᠯᠳᠠᠯᠭ᠎ᠠ ᠲᠠᠢ ᠡᠭᠦᠷᠭᠡ ᠶᠢ ᠵᠦᠢᠯ ᠳᠠᠷᠠᠭᠠᠯᠠᠨ ᠰᠠᠶᠢᠲᠤᠷ ᠨᠠᠶᠢᠳᠠᠪᠤᠷᠢᠵᠢᠭᠤᠯᠵᠤ᠂ ᠡᠭᠦᠳᠦᠨ ᠪᠠᠶᠢᠭᠤᠯᠬᠤ ᠠᠵᠢᠯ ᠤᠨ ᠠᠭᠤᠯᠤᠭᠳᠠᠬᠤᠨ ᠪᠠ ᠦᠷ᠎ᠡ ᠪᠦᠲᠦᠮᠵᠢ ᠶᠢ ᠭᠦᠨᠵᠡᠭᠡᠶᠢᠷᠡᠭᠦᠯᠦᠨ᠂ ᠠᠵᠢᠯ ᠤᠨ ᠠᠬᠢᠴᠠ ᠶᠢ ᠲᠦᠷᠭᠡᠳᠬᠡᠵᠦ᠂ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠪᠣᠳᠠᠲᠤ ᠦᠷ᠎ᠡ ᠪᠦᠲᠦᠮᠵᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠤᠬᠠᠨ ᠬᠤᠰᠢᠭᠤᠨ ᠤ ᠠᠮᠢ ᠠᠬᠤᠶ ᠶᠢᠨ ᠠᠤᠬᠠᠨ᠂  ᠰᠣᠶᠤᠯᠲᠤ ᠠᠤᠬᠠᠨ ᠤ ᠨᠠᠷᠠᠲᠤ ᠲᠥᠷᠥᠯ ᠲᠡᠮᠳᠡᠭᠲᠦ ᠶᠢᠨ ᠳᠠᠪᠠᠭᠤᠯᠢᠭ ᠲᠠᠢ ᠤᠶᠠᠯᠳᠤᠭᠤᠯᠤᠨ᠂ ᠣᠷᠣᠨ ᠪᠦᠰᠡ ᠶᠢᠨ ᠣᠨᠴᠠᠯᠢᠭ ᠲᠠᠢ ᠬᠢᠯᠠᠰ ᠴᠡᠭ ᠢ ᠳᠣᠪᠤᠶᠢᠯᠭᠠᠵᠤ᠂ ᠴᠢᠩᠭ᠎ᠠ ᠱᠠᠭᠠᠷᠳᠠᠯᠭ᠎ᠠ᠂ ᠥᠨᠳᠥᠷ ᠪᠠᠷᠢᠮᠵᠢᠶ᠎ᠠ ᠪᠠᠷ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃ ᠭᠤᠷᠪᠠ ᠳᠤ᠂ ᠤᠬᠠᠭᠤᠯᠭ᠎ᠠ ᠬᠥᠮᠦᠵᠢᠯ ᠪᠣᠯᠪᠠᠰᠤᠷᠠᠯ ᠤᠨ ᠡᠷᠴᠢᠮ ᠢ ᠦᠷᠭᠦᠯᠵᠢᠯᠡᠨ ᠴᠢᠩᠭᠠᠳᠬᠠᠵᠤ᠂ ᠭᠦᠨᠵᠡᠭᠡᠢ ᠠᠭᠤᠰᠤᠯᠴᠠᠭᠤᠯᠬᠤ ᠠᠵᠢᠯ ᠢ ᠰᠠᠶᠢᠲᠤᠷ ᠬᠢᠵᠦ᠂ ᠤᠬᠠᠭᠤᠯᠭ᠎ᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠤᠨ ᠰᠢᠨ᠎ᠡ ᠶᠢ ᠡᠭᠦᠳᠴᠦ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠤᠯᠠᠨ ᠬᠠᠷᠠᠭᠠᠰᠤ᠂ ᠤᠯᠠᠨ ᠠᠷᠭ᠎ᠠ ᠵᠠᠮ᠂ ᠥᠷᠭᠡᠨ ᠬᠦᠷᠢᠶ᠎ᠡ᠂ ᠪᠦᠬᠦ ᠲᠠᠯ᠎ᠠ ᠪᠠᠷ ᠤᠬᠠᠭᠤᠯᠭ᠎ᠠ ᠶᠢ ᠥᠷᠨᠢᠭᠦᠯᠵᠦ᠂ ᠬᠥᠮᠦᠨ ᠪᠦᠬᠦᠨ ᠡᠭᠦᠳᠦᠨ ᠪᠠᠶᠢᠭᠤᠯᠬᠤ ᠶᠢ ᠬᠠᠯᠠᠮᠵᠢᠯᠠᠬᠤ᠂ ᠡᠭᠦᠳᠦᠨ ᠪᠠᠶᠢᠭᠤᠯᠬᠤ ᠶᠢ ᠳᠡᠮᠵᠢᠬᠦ᠂ ᠡᠭᠦᠳᠦᠨ ᠪᠠᠶᠢᠭᠤᠯᠬᠤ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠳᠥᠷᠪᠡ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠡᠳᠦᠷ ᠲᠤᠲᠤᠮ ᠤᠨ ᠪᠣᠳᠠᠲᠠᠶ ᠠᠵᠢᠯ ᠳᠠᠭᠠᠨ ᠪᠦᠲᠦᠮᠵᠢᠲᠡᠶ ᠪᠠᠷ ᠠᠭᠤᠰᠬᠠᠨ ᠣᠷᠣᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠲᠠᠰᠤᠷᠠᠯᠲᠠ ᠥᠬᠡᠶ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠨᠣᠯᠵᠢᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠦᠷᠭᠡᠳᠬᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠲᠥᠭᠡᠨ ᠪᠠᠶᠢᠭᠤᠯᠬᠤ ᠳᠤ ᠲᠠᠰᠤᠷᠠᠯᠲᠠ ᠥᠬᠡᠶ ᠬᠦᠴᠦᠨ ᠴᠢᠳᠠᠯ ᠢᠶᠠᠨ  ᠡᠷᠭᠦᠬᠦ ᠬᠡᠷᠡᠭᠲᠡᠢ ᠭᠡᠵᠦ ᠱᠠᠭᠠᠷᠳᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠠᠴᠠ ᠠᠤᠬᠠᠨ ᠬᠤᠰᠢᠭᠤᠨ ᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠲᠤᠬᠠᠶ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号