| 2 ᠰᠠᠷ᠎ᠠ ᠶᠢᠨ 17 ᠤ ᠡᠳᠦᠷ᠂ ᠪᠡᠭᠡᠵᠢᠩ ᠤᠨ ᠳ᠋ᠠ ᠪᠧᠶ ᠨᠦᠩ ᠲᠣᠭᠠᠴᠢᠯᠠᠭᠰᠠᠨ ᠪᠦᠯᠦᠭᠯᠡᠯ ᠤᠨ ᠶᠡᠷᠦᠩᠬᠡᠶ | ᠵᠠᠬᠢᠷᠤᠯ ᠰᠢᠤᠢ ᠱᠧᠩ ᠲᠠᠢ ᠨᠡᠷ ᠮᠠᠨ ᠤ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠪᠠ᠃ ᠬᠤᠰᠢᠭᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ᠂ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ | ᠳᠠᠷᠤᠭ᠎ᠠ ᠸᠠᠩ ᠸᠧᠨ ᠽᠠᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠦᠢ ᠳ᠋ᠦᠩ ᠨᠠᠷ | ᠪᠠᠷ᠎ᠠ ᠪᠤᠯᠵᠤ ᠰᠢᠨᠵᠢᠯᠡᠨ ᠪᠠᠶᠢᠴᠠᠭᠠᠬᠤ ᠶᠢᠨ ᠬᠠᠮᠲᠤ ᠶᠠᠷᠢᠯᠴᠠᠬᠤ ᠬᠤᠷᠠᠯ ᠬᠢᠵᠠᠢ᠃ | ᠰᠢᠤᠢ ᠱᠧᠩ ᠲᠠᠢ ᠨᠡᠷ ᠤᠷᠢᠳ ᠬᠤᠵᠢᠳ ᠶᠢᠨ ᠭᠸᠤ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ | ᠱᠢ ᠶᠤᠸᠡᠢ ᠳ᠋ᠤᠤ ᠲᠢᠶᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠾᠦᠢ | ᠯᠦᠩ ᠬᠤᠯᠢᠮᠠᠭ ᠠᠮᠤ ᠳᠠᠷᠢᠬᠤ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠵᠡᠷᠭᠡ ᠭᠠᠵᠠᠷ ᠢᠶᠠᠷ ᠰᠢᠨᠵᠢᠯᠡᠨ | ᠪᠠᠶᠢᠴᠠᠭᠠᠭᠰᠠᠨ ᠪᠥᠭᠡᠳ ᠭᠤᠣᠯ ᠬᠠᠷᠢᠭᠤᠴᠠᠯᠭᠠᠲᠠᠨ ᠤ ᠵᠠᠬ᠎ᠠ ᠳᠡᠯᠭᠡᠭᠦᠷ ᠤᠨ ᠢᠷᠡᠭᠡᠳᠦᠢ ᠶᠢᠨ ᠲᠥᠯᠥᠪ᠂ | ᠬᠤᠯᠪᠣᠭᠳᠠᠯ ᠪᠦᠬᠦᠢ ᠪᠦᠲᠦᠭᠡᠭᠳᠡᠬᠦᠨ᠂ ᠬᠥᠭᠵᠢᠯᠲᠡ ᠶᠢᠨ ᠳᠠᠯᠳᠠ ᠬᠦᠴᠦᠨ ᠵᠡᠷᠭᠡ ᠲᠠᠯ᠎ᠠ ᠶᠢᠨ ᠲᠠᠨᠢᠯᠴᠠᠭᠤᠯᠭ᠎ᠠ ᠶᠢ | ᠰᠣᠨᠣᠰᠴᠠᠢ᠃ | | ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠭᠤᠤᠯ | ᠬᠠᠷᠢᠭᠤᠴᠠᠯᠭᠠᠲᠠᠨ ᠠᠤᠬᠠᠨ ᠬᠤᠰᠢᠭᠤᠨ ᠤ ᠨᠠᠷᠢᠮᠤ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ᠂ ᠠᠮᠢ | ᠠᠬᠤᠶ ᠶᠢᠨ ᠳᠠᠪᠠᠭᠤᠯᠢᠭ᠂ ᠪᠦᠲᠦᠭᠡᠭᠳᠡᠬᠦᠨ ᠤ ᠳᠠᠪᠠᠭᠤᠯᠢᠭ ᠵᠡᠷᠭᠡ ᠶᠢ ᠨᠠᠷᠢᠨ ᠲᠠᠨᠢᠯᠴᠠᠭᠤᠯᠪᠠ᠃ ᠪᠡᠭᠡᠵᠢᠩ ᠤᠨ ᠳ᠋ᠡ | ᠪᠸᠢ ᠨᠦᠩ ᠲᠣᠭᠠᠴᠢᠯᠠᠭᠰᠠᠨ ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ | ᠡᠵᠡᠩᠨᠡᠯᠲᠡ ᠶᠢᠨ ᠬᠡᠰᠡᠭ᠂ ᠲᠦᠷᠦᠯ ᠵᠦᠢᠯ ᠤᠨ ᠡᠵᠡᠩᠨᠡᠯᠲᠡ᠂ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ | ᠲᠥᠯᠥᠪᠵᠢᠭᠦᠯᠭᠡ ᠵᠡᠷᠭᠡ ᠪᠠᠶᠢᠳᠠᠯ ᠢ ᠲᠠᠨᠢᠯᠴᠠᠭᠤᠯᠪᠠ᠃ | ᠰᠢᠤᠢ ᠱᠧᠩ ᠲᠠᠢ ᠢᠯᠡᠷᠬᠡᠶᠢᠯᠡᠬᠦ ᠳᠡᠭᠡᠨ᠂ ᠠᠤᠬᠠᠨ ᠬᠤᠰᠢᠭᠤᠨ ᠤ ᠨᠠᠷᠢᠮᠤ ᠶᠢᠨ ᠠᠵᠤ ᠦᠢᠯᠡᠰ ᠤᠨ | ᠳᠠᠪᠠᠭᠤᠯᠢᠭ ᠢᠯᠡᠷᠬᠡᠶ᠂ ᠰᠠᠭᠤᠷᠢ ᠵᠤᠵᠠᠭᠠᠨ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠳᠠᠭ᠂ | ᠪᠡᠭᠡᠵᠢᠩ ᠤᠨ ᠳ᠋ᠠ ᠪᠸᠢ ᠨᠦᠩ ᠲᠣᠭᠠᠴᠢᠯᠠᠭᠰᠠᠨ ᠪᠦᠯᠦᠭᠯᠡᠯ ᠤᠯᠠᠮ ᠨᠢᠭᠡ ᠠᠯᠬᠤᠮ ᠰᠢᠨᠵᠢᠯᠡᠨ ᠪᠠᠶᠢᠴᠠᠭᠠᠵᠤ | ᠵᠣᠯᠭᠠᠭᠤᠯᠬᠤ ᠪᠠᠷ ᠳᠡᠮᠵᠢᠨ᠂ ᠳᠠᠪᠠᠭᠤᠯᠢᠭ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠨᠠᠩ ᠣᠯᠠᠨ | ᠬᠦᠷᠢᠶᠡᠨ ᠳᠤ ᠠᠤᠬᠠᠨ ᠬᠤᠰᠢᠭᠤ ᠲᠠᠢ ᠨᠠᠩ ᠭᠦᠨ ᠲᠠᠰ ᠳᠠᠪᠬᠤᠷᠭ᠎ᠠ ᠶᠢᠨ ᠬᠠᠮᠲᠤᠷᠠᠯᠴᠠᠭ᠎ᠠ ᠬᠢᠵᠦ᠂ ᠬᠠᠮᠲᠤ ᠪᠠᠷ | ᠬᠥᠭᠵᠢᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠶ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠠᠵᠤ | ᠠᠬᠤᠶᠢᠯᠠᠯ ᠤᠨ ᠳᠠᠪᠠᠭᠤᠯᠢᠭ ᠢᠶᠠᠨ ᠪᠠᠳᠠᠷᠠᠭᠤᠯᠤᠨ᠂ ᠠᠤᠬᠠᠨ ᠬᠤᠰᠢᠭᠤᠨ ᠤ ᠬᠥᠭᠵᠢᠯᠲᠡ ᠳᠤ ᠠᠵᠤ ᠠᠬᠤᠶᠢᠯᠠᠯ ᠤᠨ | ᠬᠦᠴᠦᠨ ᠴᠢᠳᠠᠯ ᠢᠶᠠᠨ ᠨᠡᠮᠡᠷᠢᠯᠡᠨ᠎ᠡ ᠭᠡᠪᠡ᠃ | | ᠮᠠ ᠯᠢ ᠬᠤᠸᠠ ᠢᠯᠡᠷᠬᠡᠶᠢᠯᠡᠬᠦ ᠳᠡᠭᠡᠨ᠂ ᠪᠡᠭᠡᠵᠢᠩ ᠤᠨ ᠳ᠋ᠠ ᠪᠸᠢ ᠨᠦᠩ ᠲᠣᠭᠠᠴᠢᠯᠠᠭᠰᠠᠨ ᠪᠦᠯᠦᠭᠯᠡᠯ ᠤᠨ | ᠣᠷᠣᠵᠤ ᠨᠤᠲᠤᠭᠰᠢᠭᠰᠠᠨ ᠨᠢ ᠮᠠᠨ ᠤ ᠬᠤᠰᠢᠭᠤᠨ ᠤ ᠬᠥᠭᠵᠢᠯᠲᠡ ᠶᠢᠨ ᠢᠲᠡᠭᠡᠯ ᠢ ᠨᠡᠮᠡᠭᠳᠡᠭᠦᠯᠵᠡᠶ᠂ ᠬᠤᠶᠠᠷ | ᠲᠠᠯ᠎ᠠ ᠪᠠᠷ ᠢᠶᠠᠨ ᠤᠯᠠᠮ ᠨᠢᠭᠡ ᠠᠯᠬᠤᠮ ᠰᠣᠯᠢᠯᠴᠠᠭ᠎ᠠ ᠨᠡᠪᠲᠡᠷᠡᠯᠴᠡᠭᠡ ᠪᠠᠷ ᠳᠡᠮᠵᠢᠨ᠂ ᠬᠠᠮᠲᠤᠷᠠᠯᠴᠠᠭ᠎ᠠ ᠪᠠᠨ | ᠴᠢᠩᠭᠠᠳᠬᠠᠵᠤ᠂ ᠠᠤᠬᠠᠨ ᠨᠠᠷᠢᠮᠤ ᠶᠢᠨ ᠨᠠᠷᠠᠲᠤ ᠲᠡᠮᠳᠡᠭ ᠤᠨ ᠥᠷᠲᠡᠭ ᠢ ᠨᠠᠩ ᠥᠨᠳᠥᠷ ᠨᠠᠩ ᠭᠦᠨ᠂ ᠨᠠᠩ ᠰᠠᠶᠢᠨ | ᠨᠠᠩ ᠰᠢᠯᠢᠳᠡᠭ ᠲᠠᠰ ᠳᠠᠪᠬᠤᠷᠭ᠎ᠠ ᠳᠠᠰᠢ ᠬᠥᠭᠵᠢᠭᠦᠯᠬᠦ ᠶᠢ ᠬᠦᠰᠡᠵᠦ ᠪᠠᠶᠢᠨ᠎ᠠ᠃ ᠠᠤᠬᠠᠨ ᠬᠤᠰᠢᠭᠤ ᠪᠡᠭᠡᠵᠢᠩ ᠤᠨ | ᠳ᠋ᠠ ᠪᠧᠶ ᠨᠦᠩ ᠲᠣᠭᠠᠴᠢᠯᠠᠭᠰᠠᠨ ᠪᠦᠯᠦᠭᠯᠡᠯ ᠲᠠᠢ ᠵᠣᠯᠭᠠᠯᠴᠠᠬᠤ ᠶᠢ ᠢᠳᠡᠪᠬᠢᠲᠡᠶ ᠪᠠᠷ ᠰᠠᠶᠢᠲᠤᠷ ᠬᠢᠵᠦ᠂ ᠬᠤᠶᠠᠷ | ᠲᠠᠯ᠎ᠠ ᠶᠢᠨ ᠬᠠᠮᠲᠤᠷᠠᠯᠴᠠᠭᠠᠨ ᠤ ᠲᠥᠷᠥᠯ ᠵᠦᠢᠯ ᠤᠨ ᠲᠣᠭᠤᠷᠢᠨ ᠳᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ | ᠦᠷᠭᠦᠯᠵᠢᠯᠡᠨ ᠴᠢᠩᠭᠠᠳᠬᠠᠵᠤ᠂ ᠲᠡᠷᠢᠭᠦᠨ ᠤ ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠪᠣᠶ ᠪᠣᠯᠭᠠᠵᠤ᠂ | ᠭᠦᠢᠴᠡᠳ ᠬᠦᠴᠦᠨ ᠵᠦᠢᠯ ᠤᠨ ᠪᠠᠲᠤᠯᠠᠭ᠎ᠠ ᠬᠠᠩᠭᠠᠵᠤ᠂ ᠬᠠᠮᠢᠶ᠎ᠠ ᠪᠥᠬᠦᠶ ᠦᠢᠯᠡᠴᠢᠯᠡᠭᠡ ᠶᠢ ᠰᠠᠶᠢᠲᠤᠷ ᠬᠢᠵᠦ᠂ | ᠠᠵᠤ ᠠᠬᠤᠶᠢᠯᠠᠯ ᠤᠨ ᠮᠠᠨ ᠤ ᠬᠤᠰᠢᠭᠤᠨ ᠳᠤ ᠬᠥᠭᠵᠢᠨ ᠪᠤᠵᠠᠭᠠᠶᠢᠷᠠᠬᠤ᠂ ᠳᠠᠪᠠᠭᠤᠯᠢᠭ ᠢᠶᠠᠨ ᠬᠠᠷᠢᠯᠴᠠᠨ | ᠨᠥᠬᠦᠪᠥᠷᠢᠯᠡᠬᠦ ᠳᠤᠮᠳᠠ ᠬᠠᠮᠲᠤᠷᠠᠯᠴᠠᠨ ᠬᠥᠭᠵᠢᠬᠦ᠂ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠠᠬᠢᠭᠤᠯᠵᠤ᠂ | ᠠᠤᠬᠠᠨ ᠬᠤᠰᠢᠭᠤᠨ ᠤ ᠠᠵᠤ ᠠᠬᠤᠶ ᠶᠢᠨ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠠᠮᠲᠤᠪᠠᠷ | ᠡᠳ᠋ᠯᠡᠵᠦ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠵᠡᠢ᠃ | ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ | ᠳᠤᠬᠢᠷᠠᠯᠴᠠᠵᠠᠢ᠃ | ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ ᠬᠡᠷ᠂ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠯᠦᠩ ᠰᠢᠩ | ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ | ᠺᠣᠮᠫᠠᠨᠢ᠂ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠮᠥᠩᠭᠦᠨ ᠭᠦᠢᠯᠭᠡᠭᠡ ᠪᠠ ᠪᠠᠯᠠ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠶᠢᠨ ᠭᠸᠦ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ | ᠾᠦᠢ ᠯᠦᠩ ᠬᠤᠯᠢᠮᠠᠭ ᠠᠮᠤ ᠳᠠᠷᠢᠬᠤ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠶᠢᠨ ᠭᠤᠤᠯ | ᠬᠠᠷᠢᠭᠤᠴᠠᠯᠭᠠᠲᠠᠨ ᠨᠠᠷ ᠶᠠᠷᠢᠯᠴᠠᠬᠤ ᠬᠤᠷᠠᠯ ᠳᠤ ᠣᠷᠣᠯᠴᠠᠪᠠ᠃ | |