ᠦᠨᠳᠦᠰᠦᠨ ᠱᠠᠲᠤᠨ ᠤ ᠲᠦᠷᠭᠡᠨ ᠬᠦᠷᠭᠡᠯᠲᠡ ᠶᠢᠨ ᠲᠣᠣᠷ ᠴᠡᠭ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠤᠷᠢᠳᠠᠪᠠᠷ ᠣᠷᠣᠯᠴᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/2/22
       ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠮᠵᠢᠭᠤᠯᠤᠨ ᠲᠠᠷᠬᠠᠭᠠᠭᠰᠠᠨ ︽ᠦᠨᠳᠦᠰᠦᠨ ᠱᠠᠲᠤᠨ ᠤ ᠲᠦᠷᠭᠡᠨ ᠬᠦᠷᠭᠡᠯᠲᠡ ᠶᠢᠨ ᠲᠣᠤᠷ ᠴᠡᠭ  ᠤᠨ ᠠᠵᠢᠯ  ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠤᠷᠢᠳᠠᠪᠠᠷ ᠣᠷᠣᠯᠴᠠᠬᠤ ᠠᠵᠢᠯ  ᠢ ᠠᠬᠢᠭᠤᠯᠬᠤ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠠᠷᠬᠠᠭᠠᠭᠰᠠᠨ ﹇2022﹈ 25 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠦᠨᠳᠦᠰᠦᠨ ᠱᠠᠲᠤᠨ ᠤ ᠲᠦᠷᠭᠡᠨ ᠬᠦᠷᠭᠡᠯᠲᠡ ᠶᠢᠨ ᠲᠣᠤᠷ  ᠴᠡᠭ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠤᠷᠢᠳᠠᠪᠠᠷ ᠣᠷᠣᠯᠴᠠᠬᠤ  ᠠᠵᠢᠯ  ᠤᠨ ᠠᠬᠢᠴᠠ ᠶᠢ ᠲᠦᠷᠭᠡᠳᠬᠡᠬᠦ ᠶᠢᠨ ᠲᠤᠰᠠᠳᠠ᠂ ᠡᠳᠦᠭᠡ ᠳᠣᠤᠷᠠᠬᠢ ᠮᠡᠲᠦ ᠵᠠᠷᠯᠠᠶ᠎ᠠ᠃    ᠨᠢᠭᠡ᠂ ᠳᠠᠭᠠᠳᠬᠠᠯ ᠟ ᠲᠤ  ᠣᠷᠣᠯᠴᠠᠬᠤ ᠬᠡᠪᠴᠢᠶ᠎ᠡ    ︵ᠨᠢᠭᠡ︶ ᠰᠢᠦᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠢ ᠡᠵᠡᠩᠨᠡᠬᠦ ᠵᠥᠪᠰᠢᠶᠡᠷᠡᠯ ᠢ ᠨᠢᠭᠡᠨᠲᠡ  ᠣᠯᠤᠭᠰᠠᠨ᠂ ᠬᠥᠮᠦᠨ ᠬᠡᠷᠡᠭᠯᠡᠬᠦ  ᠨᠢᠭᠡᠴᠡ ᠶᠢᠨ ᠡᠵᠡᠨ ᠢ ᠪᠦᠷᠢᠳᠦᠭᠦᠯᠦᠭᠰᠡᠨ    ᠪᠡᠶ᠎ᠡ ᠶᠢᠨ ᠬᠢᠷᠢ ᠬᠡᠮ ᠤᠨ ᠦᠨᠳᠦᠰᠦᠨ ᠱᠠᠲᠤᠨ ᠤ ᠲᠦᠷᠭᠡᠨ ᠬᠦᠷᠭᠡᠯᠲᠡ ᠶᠢᠨ ᠲᠣᠤᠷ  ᠴᠡᠭ ᠨᠢ ᠰᠢᠭᠤᠳ ᠲᠦᠷᠭᠡᠨ ᠬᠦᠷᠭᠡᠭᠴᠢ ︵ᠬᠤᠷᠢᠶᠠᠨ ᠢᠯᠡᠭᠡᠬᠦ᠂ ᠢᠯᠭᠠᠬᠤ᠂ ᠲᠡᠭᠡᠭᠡᠪᠦᠷᠢᠯᠡᠬᠦ᠂ ᠬᠦᠷᠭᠡᠬᠦ ᠪᠠ ᠪᠠᠶᠢᠴᠠᠭᠠᠨ ᠯᠠᠪᠯᠠᠬᠤ ᠦᠢᠯᠡᠴᠢᠯᠡᠭᠡ ᠵᠡᠷᠭᠡ ᠶᠢ ᠪᠠᠭᠲᠠᠭᠠᠨ᠎ᠠ︶ ᠳᠤ ᠤᠷᠢᠳᠠᠪᠠᠷ ᠳᠠᠭᠠᠳᠬᠠᠯ ᠳᠤ ᠣᠷᠣᠯᠴᠠᠬᠤ ᠶᠢ ᠭᠦᠢᠴᠡᠳᠭᠡᠨ᠎ᠡ᠃    ︵ᠬᠤᠶᠠᠷ︶ ᠰᠢᠤᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠦᠷᠭᠡᠨ ᠬᠦᠷᠭᠡᠯᠲᠡ ᠶᠢᠨ ᠦᠵᠦᠭᠦᠷ ᠤᠨ ᠲᠣᠤᠷ  ᠴᠡᠭ ᠲᠤ ᠳᠠᠩᠰᠠᠯᠠᠭᠤᠯᠬᠤ ᠳᠤ ᠬᠥᠮᠦᠨ ᠬᠡᠷᠡᠭᠯᠡᠬᠦ ᠨᠢᠭᠡᠴᠡ ᠶᠢᠨ ᠭᠤᠤᠯ ᠴᠣᠭᠴᠠ ᠶᠢ ᠪᠦᠷᠢᠯᠳᠦᠭᠦᠯᠦᠭᠰᠡᠨ ᠥᠬᠡᠶ    ᠬᠢᠷᠢ ᠬᠡᠮ ᠪᠥᠬᠦᠶ ᠦᠨᠳᠦᠰᠦᠨ ᠱᠠᠲᠤᠨ ᠤ ᠲᠦᠷᠭᠡᠨ ᠬᠦᠷᠭᠡᠬᠦ ᠲᠣᠤᠷ  ᠴᠡᠭ ᠢ ᠪᠣᠯ ᠲᠣᠰ ᠲᠣᠤᠷ ᠴᠡᠭ ᠲᠤ ᠬᠠᠷᠢᠶᠠᠯᠠᠭᠳᠠᠬᠤ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠢ ᠡᠵᠡᠩᠨᠡᠬᠦ ᠵᠥᠪᠰᠢᠶᠡᠷᠡᠯ ᠤᠨ ᠬᠢᠷᠢ ᠬᠡᠮ ᠲᠠᠢ ᠪᠠ ᠬᠥᠮᠦᠨ ᠬᠡᠷᠡᠭᠯᠡᠬᠦ ᠨᠢᠭᠡᠴᠡ ᠶᠢᠨ ᠭᠤᠤᠯ ᠴᠣᠭᠴᠠ ᠶᠢᠨ ᠬᠢᠷᠢ ᠬᠡᠮ ᠲᠠᠢ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠠᠴᠠ ᠣᠷᠣᠯᠠᠨ ᠭᠦᠢᠴᠡᠳᠭᠡᠭᠡᠳ ᠤᠷᠢᠳᠠᠪᠠᠷ ᠳᠠᠭᠠᠳᠬᠠᠯ ᠳᠤ ᠣᠷᠣᠯᠴᠠᠵᠤ᠂ ᠵᠠᠷᠴᠢᠮ ᠳᠡᠭᠡᠷ᠎ᠡ ᠪᠠᠨ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠢ ᠡᠵᠡᠩᠨᠡᠬᠦ ᠶᠢ ᠵᠥᠪᠰᠢᠶᠡᠷᠡᠭᠰᠡᠨ ᠭᠠᠵᠠᠷ ᠲᠤ ᠳᠠᠭᠠᠳᠬᠠᠯ ᠳᠤ ᠣᠷᠣᠯᠴᠠᠵᠤ᠂ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠥᠮᠦᠨ ᠬᠡᠷᠡᠭᠯᠡᠬᠦ ᠨᠢᠭᠡᠴᠡ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃    ︵ᠭᠤᠷᠪᠠ︶ ᠲᠣᠭᠲᠠᠭᠠᠯ ᠶᠣᠰᠣᠭᠠᠷ ᠡᠯ᠎ᠡ ᠵᠦᠢᠯ  ᠤᠨ ᠨᠡᠶᠢᠭᠡᠮ ᠤᠨ  ᠳᠠᠭᠠᠳᠬᠠᠯ  ᠳᠤ ᠨᠢᠭᠡᠨᠲᠡ ᠣᠷᠣᠯᠴᠠᠭᠰᠠᠨ ᠲᠦᠷᠭᠡᠨ ᠬᠦᠷᠭᠡᠬᠦ ᠠᠵᠤ ᠠᠬᠤᠶᠢᠯᠠᠯ ᠪᠣᠯᠤᠨ ᠦᠨᠳᠦᠰᠦᠨ ᠱᠠᠲᠤᠨ ᠤ ᠲᠦᠷᠭᠡᠨ ᠬᠦᠷᠭᠡᠬᠦ ᠲᠣᠣᠷ  ᠴᠡᠭ‌ᠨᠢ ᠳᠡᠭᠡᠷ᠎ᠡ ᠳᠤᠷᠠᠳᠤᠭᠰᠠᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ  ᠳᠤ ᠤᠷᠢᠳᠠᠪᠠᠷ ᠣᠷᠣᠯᠴᠠᠬᠤ ᠬᠡᠪᠴᠢᠶᠡᠨ ᠳᠤ  ᠪᠠᠭᠲᠠᠬᠤ ᠥᠭᠡᠢ᠃    ᠬᠤᠶᠠᠷ᠂ ᠵᠠᠷᠤᠳᠠᠯ ᠪᠤᠳᠤᠬᠤ ᠠᠷᠭ᠎ᠠ    ︵ᠨᠢᠭᠡ︶  ᠰᠦᠢᠳᠭᠡᠯ  ᠤᠨ ᠨᠣᠷᠮ᠎ᠠ ᠶᠢ ᠬᠢᠨᠠᠨ ᠲᠣᠭᠲᠠᠭᠠᠬᠤ᠄ ᠦᠨᠳᠦᠰᠦᠨ ᠱᠠᠲᠤᠨ ᠤ ᠲᠦᠷᠭᠡᠨ ᠬᠦᠷᠭᠡᠬᠦ ᠲᠣᠤᠷ ᠴᠡᠭ ᠤᠨ ᠠᠵᠢᠯ ᠲᠥᠷᠥᠯ ᠤᠨ ᠲᠦᠭᠰᠢᠭᠦᠷᠢ ᠶᠢᠨ ᠲᠥᠷᠥᠯ  ᠵᠦᠢᠯ ᠨᠢ ᠲᠠᠪᠤᠨ ᠲᠥᠷᠥᠯ ᠪᠠᠶᠢᠵᠤ᠂ ᠬᠠᠷᠠᠭᠠᠯᠵᠠᠭᠰᠠᠨ ᠠᠵᠢᠯᠴᠢᠨ ᠰᠢᠷᠬᠠᠲᠤᠯ ᠤᠨ ᠳᠠᠭᠠᠳᠬᠠᠯ ᠤᠨ ᠠᠵᠢᠯ ᠲᠥᠷᠥᠯ ᠤᠨ ᠰᠠᠭᠤᠷᠢ ᠵᠠᠷᠤᠳᠠᠯ ᠤᠨ ᠨᠣᠷᠮ᠎ᠠ ᠨᠢ 1.1% ᠪᠣᠯᠤᠨ᠎ᠠ᠃    ︵ᠬᠤᠶᠠᠷ︶  ᠰᠦᠢᠳᠭᠡᠯ  ᠲᠤᠰᠢᠶᠠᠬᠤ ᠰᠠᠭᠤᠷᠢ ᠲᠤᠭ᠎ᠠ    1. ᠴᠠᠯᠢᠩ ᠤᠨ ᠶᠡᠷᠦᠩᠬᠡᠶ ᠲᠤᠭ᠎ᠠ ᠶᠢ ᠲᠣᠭᠲᠠᠭᠠᠵᠤ ᠳᠡᠶᠢᠯᠬᠦ ᠳᠤ ᠬᠦᠷᠪᠡᠯ᠂ ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠢ ᠲᠤᠰᠢᠶᠠᠨ᠎ᠠ᠃    2. ᠴᠠᠯᠢᠩ ᠤᠨ ᠶᠡᠷᠦᠩᠬᠡᠶ ᠲᠤᠭ᠎ᠠ ᠶᠢ ᠲᠣᠭᠲᠠᠭᠠᠬᠤ ᠳᠤ ᠬᠦᠴᠢᠷᠲᠡᠶ ᠪᠠᠶᠢᠪᠠᠯ᠂  ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠰᠢᠰᠲ᠋ᠧᠮ ᠤᠨ ᠨᠡᠶᠢᠭᠡᠮ ᠤᠨ ᠳᠤᠮᠳᠠᠴᠢ ᠴᠠᠯᠢᠩ ᠢᠶᠠᠷ ᠪᠤᠳᠤᠵᠤ᠂ ᠳᠠᠭᠠᠳᠬᠠᠯ ᠳᠤ ᠣᠷᠣᠯᠴᠠᠭᠰᠠᠨ ᠪᠣᠳᠠᠲᠠᠶ ᠬᠥᠮᠦᠨ ᠤ ᠲᠤᠭ᠎ᠠ ᠪᠠᠷ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ  ᠰᠦᠢᠳᠭᠡᠯ ᠢ ᠪᠤᠳᠤᠵᠤ ᠲᠤᠰᠢᠶᠠᠨ᠎ᠠ᠃    ᠭᠤᠷᠪᠠ᠂ ᠰᠦᠢᠳᠭᠡᠯ ᠲᠤᠰᠢᠶᠠᠬᠤ ᠭᠤᠤᠯ ᠴᠣᠭᠴᠠ᠄ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠭᠡᠯ ᠢ ᠲᠦᠷᠭᠡᠨ ᠬᠦᠷᠭᠡᠬᠦ ᠠᠵᠤ ᠠᠬᠤᠶᠢᠯᠠᠯ ᠠᠴᠠ ᠠᠵᠢᠯ ᠡᠷᠭᠢᠯᠡᠭᠰᠡᠳ ᠲᠤ ᠮᠡᠳᠡᠭᠦᠯᠵᠦ ᠲᠤᠰᠢᠶᠠᠨ᠎ᠠ᠂ ᠠᠵᠢᠯ ᠡᠷᠭᠢᠯᠡᠭᠰᠡᠳ ᠤᠨ ᠬᠤᠪᠢ ᠬᠥᠮᠦᠨ ᠲᠤᠰᠢᠶᠠᠬᠤ ᠥᠬᠡᠶ᠃    ᠳᠥᠷᠪᠡ᠂ ᠠᠩᠬᠠᠷᠬᠤ ᠵᠦᠢᠯ    ᠦᠨᠳᠦᠰᠦᠨ ᠱᠠᠲᠤᠨ ᠤ ᠲᠦᠷᠭᠡᠨ ᠬᠦᠷᠭᠡᠯᠲᠡ ᠶᠢᠨ ᠲᠣᠤᠷ  ᠴᠡᠭ ᠤᠳ ᠳᠠᠭᠠᠳᠬᠠᠯ ᠳᠤ ᠣᠷᠣᠯᠴᠠᠭᠰᠠᠨ ᠤ ᠳᠠᠷᠠᠭ᠎ᠠ ᠳᠠᠭᠠᠳᠬᠠᠯ ᠳᠤ ᠣᠷᠣᠯᠴᠠᠭᠰᠠᠨ ᠭᠠᠵᠠᠷ ᠤᠨ ᠨᠡᠶᠢᠭᠡᠮ ᠤᠨ ᠳᠠᠭᠠᠳᠬᠠᠯ ᠤᠨ ᠪᠠᠶᠢᠭᠤᠯᠤᠮᠵᠢ ᠳᠤ ᠠᠵᠢᠯᠲᠠᠨ ᠤ ᠨᠡᠮᠡᠭᠳᠡᠯ ᠬᠠᠰᠤᠭᠳᠠᠯ ᠤᠨ ᠬᠤᠪᠢᠷᠠᠯᠲᠠ ᠶᠢᠨ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠂ ᠬᠡᠷᠪᠡ ᠴᠠᠭ ᠲᠤᠬᠠᠶ ᠳᠤᠨᠢ ᠭᠤᠶᠤᠴᠢᠯᠠᠭᠰᠠᠨ ᠥᠬᠡᠶ ᠠᠴᠠ ᠪᠣᠯᠵᠣ ᠨᠡᠶᠢᠭᠡᠮ ᠤᠨ ᠳᠠᠭᠠᠳᠬᠠᠯ ᠤᠨ ᠪᠠᠶᠢᠭᠤᠯᠤᠮᠵᠢ ᠶᠢᠨ ᠬᠠᠤᠯᠢ ᠲᠣᠭᠲᠠᠭᠠᠯ ᠶᠣᠰᠣᠭᠠᠷ ᠥᠭᠴᠦ ᠳᠡᠶᠢᠯᠬᠦ ᠥᠬᠡᠶ ᠪᠣᠯᠤᠭᠰᠠᠨ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠯᠭᠤᠮᠵᠢ ᠶᠢ ᠬᠥᠮᠦᠨ ᠬᠡᠷᠡᠭᠯᠡᠬᠦ ᠨᠢᠭᠡᠴᠡ ᠠᠴᠠ ᠡᠭᠦᠷᠭᠡᠯᠡᠨ᠎ᠡ᠃    ᠲᠠᠪᠤ᠂  ᠭᠦᠢᠴᠡᠳᠭᠡᠬᠦ ᠶᠠᠪᠤᠴᠠ    ᠳᠠᠭᠠᠳᠬᠠᠯ ᠳᠤ ᠣᠷᠣᠯᠴᠠᠭᠰᠠᠨ ᠨᠢᠭᠡᠴᠡ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ᠂ ᠬᠠᠤᠯᠢ ᠶᠢᠨ ᠡᠷᠬᠡᠲᠡᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠠᠵᠤ ᠠᠬᠤᠶᠢᠯᠠᠯ ᠤᠨ ᠠᠯᠪᠠᠨ ᠲᠠᠮᠠᠭ᠎ᠠ ᠪᠠᠨ ᠠᠪᠴᠤ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠲᠥᠪ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠲ᠋ᠣᠺ ᠲᠤ ᠬᠦᠷᠴᠦ ᠬᠠᠮᠢᠶ᠎ᠠ ᠪᠥᠬᠦᠶ ᠳᠠᠭᠠᠳᠬᠠᠯ ᠳᠤ ᠣᠷᠣᠯᠴᠠᠬᠤ ᠭᠠᠷ  ᠭᠦᠢᠴᠡᠳᠭᠡᠯ ᠢ  ᠭᠦᠢᠴᠡᠳᠭᠡᠨ᠎ᠡ᠃    ᠬᠠᠶ᠋ᠢᠭ᠄ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠠᠯᠪᠠᠨ ᠠᠰᠠᠷ᠂ 613 ᠥᠷᠥᠭᠡ᠃    ᠯᠠᠪᠯᠠᠬᠤ ᠤᠲᠠᠰᠤ᠄ 0476-4331205᠃    ᠠᠤᠬᠠᠨ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠦᠪ    2023 ᠣᠨ ᠤ 2 ᠰᠠᠷ᠎ᠠ ᠶᠢᠨ 21 ᠤ ᠡᠳᠦᠷ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号