ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 2 | ᠰᠠᠷ᠎ᠠ ᠶᠢᠨ 21 ᠤ ᠡᠳᠦᠷ ᠬᠤᠷᠠᠯ ᠬᠤᠷᠠᠯᠳᠤᠭᠤᠯᠵᠤ ᠡᠨᠡ ᠵᠢᠯ ᠤᠨ 2 ᠰᠠᠷ᠎ᠠ ᠶᠢᠨ 26 ᠤ ᠡᠳᠦᠷ ᠠᠴᠠ 28 ᠤ ᠡᠳᠦᠷ | ᠪᠤᠯᠲᠠᠯ᠎ᠠ ᠪᠡᠭᠡᠵᠢᠩ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠦᠭᠦᠳᠡ ᠬᠤᠷᠠᠯ ᠢ ᠬᠤᠷᠠᠯᠳᠤᠭᠤᠯᠬᠤ ᠪᠠᠷ ᠲᠣᠭᠲᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ | ᠰᠢ ᠶᠢᠨ ᠫᠢᠩ ᠬᠤᠷᠠᠯ ᠢ ᠡᠷᠭᠢᠯᠡᠪᠡ᠃ | ᠬᠤᠷᠠᠯ ᠠᠴᠠ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠠᠴᠠ ᠲᠥᠪ ᠬᠤᠷᠢᠶ᠎ᠠ ᠳᠤ ᠬᠢᠭᠰᠡᠨ | ᠠᠵᠢᠯ ᠤᠨ ᠮᠡᠳᠡᠭᠦᠯᠦᠯᠲᠡ ᠶᠢ ᠶᠠᠷᠢᠯᠴᠠᠵᠠᠢ᠃ | ᠬᠤᠷᠠᠯ ᠠᠴᠠ ︽ᠨᠠᠮ ᠪᠠ ᠤᠯᠤᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠤᠨ ᠨᠣᠣᠷᠠᠭ ᠢ | ᠶᠠᠷᠢᠯᠴᠠᠵᠤ᠂ ᠡᠨᠡ ᠤᠳᠠᠭ᠎ᠠ ᠶᠢᠨ ᠬᠤᠷᠠᠯ ᠤᠨ ᠶᠠᠷᠢᠯᠴᠠᠭᠰᠠᠨ ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠤᠭᠰᠠᠨ ᠤ | ᠳᠠᠷᠠᠭ᠎ᠠ ᠪᠢᠴᠢᠭ ᠮᠠᠲ᠋ᠧᠷᠢᠶᠠᠯ ᠤᠨ ᠨᠣᠣᠷᠠᠭ ᠢ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ | ᠬᠤᠷᠠᠯ ᠳᠤ ᠳᠡᠪᠰᠢᠭᠦᠯᠦᠨ ᠬᠢᠨᠠᠨ ᠶᠠᠷᠢᠯᠴᠠᠭᠤᠯᠬᠤ ᠪᠠᠷ ᠲᠣᠭᠲᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠪᠠ ᠤᠯᠤᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠶᠢ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ | ᠡᠭᠦᠷᠭᠡ ᠪᠤᠯᠭᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠢᠶᠠᠷ ᠭᠤᠣᠯ | ᠪᠤᠯᠭᠠᠬᠤ ᠶᠢ ᠪᠠᠷᠢᠮᠲᠠᠯᠠᠬᠤ᠂ ᠰᠢᠯᠢᠳᠡᠭᠵᠢᠭᠦᠯᠬᠦ ᠵᠣᠬᠢᠴᠠᠭᠤᠯᠬᠤ ᠥᠨᠳᠥᠷ ᠦᠷ᠎ᠡ ᠪᠦᠲᠦᠮᠵᠢᠲᠡᠢ ᠪᠠᠶᠢᠯᠭᠠᠬᠤ ᠶᠢ ᠪᠠᠷᠢᠮᠲᠠᠯᠠᠬᠤ | ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠵᠠᠷᠴᠢᠮ ᠶᠣᠰᠣᠭᠠᠷ᠂ ᠨᠠᠮ ᠪᠠ ᠤᠯᠤᠰ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠨᠠᠮ ᠪᠠ ᠤᠯᠤᠰ ᠤᠨ ᠪᠠᠶᠢᠭᠤᠯᠤᠮᠵᠢ ᠶᠢᠨ | ᠡᠭᠦᠷᠭᠡ ᠴᠢᠳᠠᠪᠬᠢ ᠶᠢ ᠰᠢᠰᠲ᠋ᠧᠮᠳᠦ ᠴᠢᠨᠠᠷᠲᠠᠢ᠂ ᠪᠦᠬᠦᠯᠢ ᠴᠣᠭᠴᠠᠲᠤ ᠴᠢᠨᠠᠷᠲᠠᠢ ᠳᠠᠭᠢᠨ ᠴᠣᠭᠴᠠᠯᠠᠬᠤ ᠶᠢ ᠪᠡᠶᠡᠯᠡᠭᠦᠯᠵᠦ᠂ | ᠨᠠᠮ ᠪᠠ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ | ᠭᠠᠷᠬᠤ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠥᠭᠡᠳ ᠨᠠᠮ ᠪᠠ ᠤᠯᠤᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠬᠦ ᠳᠤ ᠬᠤᠪᠣᠷ ᠨᠠᠨᠳᠢᠨ ᠲᠤᠷᠰᠢᠯᠭ᠎ᠠ ᠬᠤᠷᠠᠮᠳᠤᠭᠤᠯᠤᠨ ᠥᠭᠴᠡᠢ ᠭᠡᠵᠦ ᠵᠢᠭᠠᠵᠤ ᠭᠠᠷᠭᠠᠪᠠ | ᠃ | ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠴᠢᠬᠤᠯᠠ ᠪᠠᠶᠢᠷᠢᠯᠠᠭᠤᠯᠤᠯᠲᠠ ᠬᠢᠭᠰᠡᠨ ᠨᠢ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠦᠭᠦ ᠲᠠᠯ᠎ᠠ ᠪᠠᠷ ᠠᠬᠢᠭᠤᠯᠬᠤ ᠳᠤ ᠠᠯᠤᠰ ᠭᠡᠳᠦ ᠶᠢᠨ ᠠᠴᠢ ᠬᠤᠯᠪᠣᠭᠳᠠᠯ ᠲᠠᠢ᠃ ᠡᠷᠬᠡᠪᠰᠢ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠵᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠬᠤ ᠪᠠᠷ | ᠶᠡᠷᠦᠩᠬᠡᠶᠢᠯᠡᠨ ᠵᠢᠯᠣᠭᠤᠳᠤᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠪᠠᠷ ᠤᠳᠤᠷᠢᠳᠤᠮᠵᠢ ᠪᠤᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ︽ᠳᠥᠷᠪᠡᠨ ᠪᠦᠭᠦ ᠲᠠᠯ᠎ᠠ ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠱᠠᠭᠠᠷᠳᠠᠯᠭ᠎ᠠ ᠳᠤ ᠵᠣᠬᠢᠴᠠᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠴᠡᠭᠡ ᠳᠤ ᠵᠣᠬᠢᠴᠠᠵᠤ᠂ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠪᠠᠶᠢᠭᠤᠯᠤᠮᠵᠢ᠂ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠮᠵᠢ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠪᠠᠶᠢᠭᠤᠯᠤᠮᠵᠢ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠮᠵᠢ ᠶᠢ ᠨᠢᠭᠡᠳᠦᠯᠲᠡᠢ | ᠲᠥᠯᠥᠪᠵᠢᠭᠦᠯᠵᠦ᠂ ᠲᠥᠪ ᠬᠤᠷᠢᠶ᠎ᠠ ᠪᠣᠯᠣᠨ ᠣᠷᠣᠨ ᠨᠤᠲᠤᠭ ᠢ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠲᠠᠢ | ᠬᠦᠷᠢᠶᠡᠨ ᠳᠠᠬᠢ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠬᠤ | ᠪᠦᠲᠦᠭᠡᠨ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠪᠠᠶᠢᠭᠤᠯᠤᠮᠵᠢ ᠶᠢᠨ ᠲᠣᠬᠢᠷᠠᠭᠤᠯᠤᠯᠲᠠ ᠶᠢᠨ ᠲᠠᠯ᠎ᠠ ᠪᠠᠷ | ᠨᠡᠩ ᠰᠢᠨᠵᠢᠯᠡᠬᠦ ᠤᠬᠠᠭᠠᠨᠴᠢ᠂ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠨᠡᠩ ᠰᠢᠯᠢᠳᠡᠭ᠂ | ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ ᠨᠡᠩ ᠲᠡᠭᠦᠯᠳᠡᠷ᠂ ᠡᠷᠭᠢᠯᠲᠡ ᠬᠠᠮᠢᠶᠠᠷᠤᠯᠲᠠ ᠶᠢᠨ ᠲᠠᠯ᠎ᠠ ᠪᠠᠷ ᠨᠡᠩ ᠥᠨᠳᠥᠷ | ᠦᠷ᠎ᠡ ᠪᠦᠲᠦᠮᠵᠢᠲᠡᠢ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠲᠠᠨᠢᠯᠴᠠᠭᠤᠯᠤᠨ ᠳᠡᠪᠰᠢᠭᠦᠯᠭᠦ ᠲᠥᠷᠥ ᠶᠢᠨ ᠪᠠᠶᠢᠭᠤᠯᠤᠮᠵᠢ ᠶᠢᠨ | ᠤᠳᠤᠷᠢᠳᠬᠤ ᠬᠥᠮᠥᠰ ᠤᠨ ᠰᠠᠨᠠᠭᠤᠯᠭ᠎ᠠ ᠶᠢᠨ ᠵᠢᠱᠢᠭᠳᠡᠭᠰᠡᠳ ᠪᠠ ᠤᠯᠤᠰ ᠲᠥᠷᠥ ᠶᠢᠨ ᠵᠥᠪᠯᠡᠯᠭᠡᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠠᠩᠬᠠᠳᠤᠭᠠᠷ ᠬᠤᠷᠠᠯ ᠳᠤ ᠲᠠᠨᠢᠯᠴᠠᠭᠤᠯᠤᠨ ᠳᠡᠪᠰᠢᠭᠦᠯᠭᠦ | ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠬᠥᠮᠥᠰ ᠤᠨ ᠰᠠᠨᠠᠭᠤᠯᠭ᠎ᠠ ᠶᠢᠨ ᠵᠢᠱᠢᠭᠳᠡᠭᠰᠡᠳ ᠢ | ᠶᠠᠷᠢᠯᠴᠠᠪᠠ᠃ | ᠬᠤᠷᠠᠯ ᠠᠴᠠ ᠳᠡᠭᠡᠷᠡᠬᠢ ᠠᠭᠤᠯᠭ᠎ᠠ ᠶᠢ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ | ᠬᠤᠷᠠᠯ ᠤᠨ ᠵᠥᠪᠯᠡᠭᠦ ᠵᠦᠢᠯ ᠢᠶᠠᠷ ᠲᠣᠭᠲᠠᠭᠠᠪᠠ᠃ | ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠦᠨ ᠬᠢᠨᠠᠨ | ᠵᠦᠪᠯᠡᠭᠦᠯᠭᠦ ᠪᠠᠷ ᠪᠠᠶᠢᠭ᠎ᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠨᠣᠣᠷᠠᠭ ᠢ ᠶᠠᠷᠢᠯᠴᠠᠵᠠᠢ᠃ ᠬᠤᠷᠠᠯ | ᠠᠴᠠ᠂ ᠥᠩᠭᠡᠷᠡᠭᠰᠡᠨ ᠨᠢᠭᠡ ᠵᠢᠯ ᠪᠣᠯ ᠨᠠᠮ ᠪᠠ ᠤᠯᠤᠰ ᠤᠨ ᠲᠡᠦᠬᠡᠨ ᠳᠡᠭᠡᠷᠡᠬᠢ ᠲᠤᠶᠢᠯ ᠤᠨ ᠴᠢᠬᠤᠯᠠ ᠨᠢᠭᠡ ᠵᠢᠯ | ᠪᠣᠯᠣᠨ᠎ᠠ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠵᠤ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠵᠢᠷᠤᠭ ᠲᠥᠰᠥᠪ ᠢ ᠵᠢᠷᠤᠭᠯᠠᠵᠠᠢ᠃ ᠰᠢ | ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠳᠡᠶᠢᠯᠭᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ | ᠠᠮᠤᠷ ᠲᠦᠪᠰᠢᠨ ᠪᠠᠶᠢᠯᠭᠠᠬᠤ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠷᠸ᠎ᠠ ᠡᠵᠡᠮᠰᠢᠯ | ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠠᠵᠤ ᠠᠬᠤᠢ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ | ᠪᠠᠲᠤᠯᠠᠪᠠ᠃ ᠥᠩᠭᠡᠷᠡᠭᠰᠡᠨ 5 ᠵᠢᠯ ᠪᠣᠯ ᠲᠤᠶᠢᠯ ᠤᠨ ᠶᠡᠷᠦ ᠪᠤᠰᠤ ᠶᠢᠨ ᠪᠠᠶᠢᠵᠤ᠂ ᠪᠢᠳᠡ ᠡᠯ᠎ᠡ ᠵᠦᠢᠯ ᠤᠨ ᠬᠦᠴᠢᠷᠳᠡᠯ ᠪᠠ | ᠲᠦᠭᠰᠢᠭᠦᠷᠢ ᠶᠢᠨ ᠰᠢᠯᠭᠠᠯᠲᠠ ᠶᠢ ᠪᠦᠳᠦᠮᠵᠢᠳᠡᠢ ᠠᠷᠭᠠᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠲᠣᠭᠲᠠᠭᠰᠠᠨ | ᠬᠤᠭᠤᠴᠠᠭᠠᠨ ᠳᠠᠭᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ | ᠲᠣᠭᠲᠠᠭᠰᠠᠨ ᠬᠤᠭᠤᠴᠠᠭᠠᠨ ᠳᠠᠭᠠᠨ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠮᠠᠨ ᠤ ᠤᠯᠤᠰ ᠤᠨ ᠠᠵᠤ | ᠠᠬᠤᠢ ᠨᠡᠶᠢᠭᠡᠮ ᠤᠨ ᠬᠥᠭᠵᠢᠯᠲᠡ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠪᠦᠲᠦᠮᠵᠢ | ᠣᠯᠣᠭᠰᠠᠨ ᠪᠠᠶᠢᠨ᠎ᠠ ᠭᠡᠵᠦ ᠦᠵᠡᠪᠡ᠃ | ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠂ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ | ᠶᠣᠰᠣᠭᠠᠷ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠣᠭᠲᠠᠭᠤᠨ | ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠪᠴᠢᠯᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ | ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ | ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠢ ᠶᠡᠬᠡᠪᠡᠷ | ᠳᠡᠭᠡᠭᠰᠢᠯᠡᠭᠦᠯᠵᠦ᠂ ᠳᠣᠲᠣᠭᠠᠳᠤ ᠬᠡᠷᠡᠭᠯᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ ᠣᠷᠭᠠᠨᠢᠭ ᠢᠶᠠᠷ | ᠤᠶᠠᠯᠳᠤᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ | ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠲᠣᠪᠣᠶᠢᠮ᠎ᠠ ᠰᠠᠶᠢᠲᠤᠷ ᠬᠢᠵᠦ᠂ ᠬᠦᠨᠳᠦ ᠶᠡᠭᠡ ᠠᠶᠤᠯ ᠲᠦᠭᠰᠢᠭᠦᠷᠢ ᠶᠢ | ᠪᠦᠲᠦᠮᠵᠢᠲᠡᠢ ᠰᠡᠷᠭᠡᠶᠢᠯᠡᠵᠦ᠂ ᠠᠵᠤ ᠠᠬᠤᠢ ᠶᠢᠨ ᠡᠷᠭᠢᠯᠲᠡ ᠶᠢᠨ ᠪᠦᠬᠦᠯᠢ ᠴᠣᠭᠴᠠ ᠪᠠᠷ ᠢᠶᠠᠨ ᠰᠠᠶᠢᠵᠢᠷᠠᠬᠤ ᠶᠢ | ᠠᠬᠢᠭᠤᠯᠵᠤ᠂ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠ ᠬᠡᠮᠵᠢᠶᠡᠨ ᠤ ᠵᠣᠬᠢᠰᠲᠠᠢ ᠨᠡᠮᠡᠭᠳᠡᠯ ᠢ ᠪᠡᠶᠡᠯᠡᠭᠦᠯᠵᠦ᠂ | ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠢ ᠰᠠᠶᠢᠬᠠᠨ | ᠡᠭᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ | ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠪᠠ | ᠯᠠᠪᠳᠠᠭᠤᠨ ᠲᠣᠭᠲᠠᠭᠤᠨ ᠵᠣᠭᠤᠰᠤᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠯ᠎ᠡ ᠲᠥᠷᠥᠯ ᠤᠨ ᠲᠥᠷᠥ ᠶᠢᠨ | ᠪᠣᠳᠣᠯᠭ᠎ᠠ ᠶᠢᠨ ᠵᠣᠭᠢᠴᠠᠯᠴᠠᠭᠠ ᠬᠠᠮᠵᠢᠯᠴᠠᠭ᠎ᠠ ᠶᠢ ᠴᠢᠩᠭᠠᠳᠬᠠᠨ᠂ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ | ᠠᠬᠢᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠤᠯᠤᠰ ᠤᠨ ᠳᠣᠲᠣᠭᠠᠳᠤ ᠶᠢᠨ ᠬᠡᠷᠡᠭᠯᠡᠭᠡ ᠶᠢ ᠬᠦᠴᠦᠯᠡᠨ | ᠥᠷᠭᠡᠳᠬᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ︽ ᠬᠤᠶᠠᠷ ᠡᠷᠡᠰ | ᠭᠤᠶᠢᠪᠢᠰᠢ ᠦᠭᠡᠢ︾ ᠶᠢ ᠦᠨᠡᠨ ᠬᠦ ᠨᠠᠶᠢᠳᠠᠪᠤᠷᠢᠵᠢᠭᠤᠯᠵᠤ᠂ ᠨᠡᠩ ᠶᠡᠭᠡ ᠡᠷᠴᠢᠮ ᠢᠶᠠᠷ ᠭᠠᠳᠠᠭᠠᠳᠤ ᠪᠡᠯᠡ ᠶᠢ ᠲᠠᠲᠠᠬᠤ ᠪᠠ | ᠠᠰᠢᠭᠯᠠᠵᠤ᠂ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠪᠠᠷ | ᠰᠡᠷᠭᠡᠶᠢᠯᠡᠨ ᠠᠷᠢᠯᠭᠠᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠵᠤ᠂ ᠬᠥᠭᠵᠢᠯᠲᠡ ᠶᠢᠨ ᠠᠷᠭ᠎ᠠ ᠭᠡᠯᠪᠡᠷᠢ ᠶᠢ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ | ᠠᠬᠢᠭᠤᠯᠵᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠪᠠ ᠨᠡᠶᠢᠭᠡᠮ ᠤᠨ ᠦᠢᠯᠡᠰ ᠢ ᠬᠥᠭᠵᠢᠭᠦᠯᠵᠦ᠂ ᠡᠨᠡ | ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ | ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠬᠢᠬᠦ | ᠰᠤᠷᠲᠠᠯ ᠢ ᠶᠡᠭᠡ ᠪᠠᠷ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | |