ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ  ᠠᠷᠠᠯᠵᠢᠶ᠎ᠠ ᠡᠵᠡᠩᠨᠡᠬᠦ ᠣᠷᠴᠢᠨ  ᠨᠦᠭᠦᠴᠡᠯ ᠢ ᠰᠢᠯᠢᠳᠡᠭᠵᠢᠭᠦᠯᠬᠦ ᠠᠵᠢᠯ ᠢ ᠰᠠᠶᠢᠲᠤᠷ ᠬᠢᠨ᠎ᠠ
ᠨᠡᠶᠢᠲᠡᠯᠡᠭᠰᠡᠨ ᠴᠠᠭ᠄
2023/2/23
     ᠨᠢᠭᠡ ᠳᠤ᠂ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ ᠡᠷᠭᠢᠯᠡᠬᠦ ᠶᠢ ᠵᠢᠯᠣᠭᠤᠳᠤᠨ ᠠᠬᠢᠭᠤᠯᠪᠠ᠃ ︽ ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠦᠨ᠂ ︽ᠮᠥᠩᠬᠡ ᠰᠣᠪᠠᠭ︾ ᠵᠡᠷᠭᠡ ᠵᠠᠰᠠᠭ ᠤᠨ ᠶᠠᠪᠤᠳᠠᠯ ᠤᠨ ᠲᠠᠪᠴᠠᠩ ᠤᠨ ᠬᠡᠷᠡᠭᠯᠡᠯᠲᠡ ᠶᠢ ᠤᠯᠠᠮ ᠨᠢᠭᠡ ᠠᠯᠬᠤᠮ  ᠠᠬᠢᠭᠤᠯᠪᠠ᠃ ᠪᠥᠬᠦ ᠵᠢᠯ ᠳᠤ 9 ᠠᠵᠤ  ᠦᠢᠯᠡᠳᠪᠦᠷᠢ ᠶᠢᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ  ᠵᠦᠢᠯ ᠢ ᠳᠡᠩᠰᠡᠯᠡᠵᠦ᠂ ᠠᠵᠤ ᠠᠬᠤᠶᠢᠯᠠᠯ ᠢ ᠵᠢᠯᠣᠭᠤᠳᠤᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠦ᠂ ᠪᠣᠶ ᠪᠥᠬᠦᠶ ᠳᠠᠩᠰᠠᠯᠠᠭᠤᠯᠤᠭᠰᠠᠨ ᠲᠥᠷᠥᠯ ᠵᠦᠢᠯ ᠨᠢ ᠴᠥᠮ ᠪᠠᠷᠢᠨ ᠭᠦᠢᠴᠡᠳᠭᠡᠬᠦ ᠵᠦᠢᠯ ᠪᠣᠯᠵᠣ᠂ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠦᠴᠦᠨ ᠲᠠᠢ ᠬᠤᠭᠤᠴᠠᠭ᠎ᠠ ᠶᠢ ᠳᠡᠭᠡᠭᠰᠢᠯᠡᠭᠦᠯᠪᠡ᠃    ᠬᠤᠶᠠᠷ ᠲᠤ᠂ ᠠᠵᠤ ᠠᠬᠤᠶᠢᠯᠠᠯ ᠤᠨ ᠶᠡᠭᠡ ᠲᠢᠩᠬᠢᠮ ᠳᠤ ᠣᠷᠣᠬᠤ ᠶᠢ ᠰᠢᠮᠳᠠᠭᠤᠯᠤᠨ ᠵᠢᠯᠤᠭᠤᠳᠪᠠ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠡᠭᠦᠷᠭᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠠᠬᠢᠯᠭᠠᠨ ᠬᠤᠯᠪᠣᠭ᠎ᠠ᠂ ᠨᠢᠭᠡᠲᠦᠮᠡᠯ ᠬᠤᠯᠪᠤᠭ᠎ᠠ ᠶᠢᠨ ᠺᠣᠮᠫᠠᠨᠢ ᠶᠢᠨ ᠵᠠᠰᠠᠭ ᠤᠨ ᠶᠠᠪᠤᠳᠠᠯ  ᠤᠨ  ᠦᠢᠯᠡᠴᠢᠯᠡᠭᠡᠨ  ᠤ ᠲᠢᠩᠬᠢᠮ ᠳᠤ ᠣᠷᠣᠵᠤ ᠨᠤᠲᠤᠭᠰᠢᠨ ᠲᠤᠬᠠᠶᠢᠯᠠᠭᠰᠠᠨ ᠠᠵᠢᠯ ᠢᠶᠠᠨ ᠭᠦᠢᠴᠡᠳᠭᠡᠪᠡ᠃ ᠤᠭᠢᠶᠠᠵᠤ ᠪᠤᠳᠤᠬᠤ ᠦᠢᠯᠡᠰ᠂ ᠭᠠᠭᠴᠠ ᠬᠡᠷᠡᠭᠴᠡᠭᠡᠲᠦ ᠤᠷᠢᠳᠴᠢᠯᠠᠨ ᠥᠭᠬᠦ ᠺᠠᠷᠲ ᠂ ᠵᠢᠵᠢᠭᠯᠡᠨ ᠬᠤᠳᠠᠯᠳᠤᠬᠤ ᠬᠤᠳᠠᠯᠳᠤᠭᠠᠴᠢᠨ ᠤ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠳᠠᠩᠰᠠᠯᠠᠬᠤ ᠠᠵᠢᠯ ᠢ ᠬᠥᠲᠥᠯᠦᠨ ᠵᠢᠯᠣᠭᠤᠳᠴᠤ ᠪᠠᠶᠢᠭᠠᠳ ᠨᠠᠶᠢᠳᠠᠪᠤᠷᠢᠵᠢᠭᠤᠯᠵᠤ᠂ ︽ᠠᠮᠠᠯᠠᠭᠰᠠᠨ ᠵᠦᠢᠯ︾ ᠤᠨ ᠵᠦᠢᠯᠡᠰ ᠢ ︽ᠪᠠᠷᠢᠨ ᠭᠦᠢᠴᠡᠳᠭᠡᠬᠦ ᠵᠦᠢᠯ︾ ᠤᠨ  ᠵᠦᠢᠯᠡᠰ ᠪᠣᠯᠭᠠᠨ ᠬᠤᠪᠢᠷᠠᠭᠤᠯᠵᠤ᠂  ᠭᠦᠢᠴᠡᠳᠭᠡᠬᠦ  ᠵᠦᠢᠯ ᠤᠨ ᠴᠠᠭ ᠢ 6 ᠡᠳᠦᠷ  ᠪᠣᠭᠤᠨᠢᠰᠬᠠᠪᠠ᠃     ᠭᠤᠷᠪᠠ ᠳᠤ  ᠂ 12345 ᠬᠠᠯᠠᠮᠰᠢᠯ ᠤᠲᠠᠰᠤᠨ ᠤ ᠭᠠᠷ  ᠭᠦᠢᠴᠡᠳᠭᠡᠯ  ᠢ ᠰᠠᠶᠢᠲᠤᠷ  ᠬᠢᠪᠡ᠃ ᠤᠳᠤᠷᠢᠳᠬᠤ ᠳᠤᠭᠤᠶᠢᠯᠠᠩ ᠪᠠᠶᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠰᠠᠯᠠᠭ᠎ᠠ ᠮᠥᠴᠢᠷ ᠪᠠ ᠠᠵᠢᠯᠳᠠᠨ ᠤ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠡᠯ᠎ᠡ ᠬᠤᠪᠢ ᠣᠷᠣᠭᠤᠯᠤᠭᠰᠠᠨ   ᠰᠲ᠋ᠤᠪ ᠤᠨ ᠬᠢᠨ 12345 ᠬᠠᠯᠠᠮᠰᠢᠯ ᠤᠲᠠᠰᠤᠨ ᠤ ᠵᠠᠭᠠᠯᠳᠤᠯᠭ᠎ᠠ ᠶᠢ ᠲᠡᠷᠡ ᠳᠠᠷᠤᠶ ᠳᠤᠨᠢ ᠬᠦᠯᠢᠶᠡᠨ ᠠᠪᠬᠤ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠪᠡ᠃     ᠳᠥᠷᠪᠡ ᠳᠤ᠂ ᠠᠵᠤ ᠠᠬᠤᠶᠢᠯᠠᠯ ᠤᠨ ᠥᠷᠢ ᠥᠭᠴᠡᠭᠡ ᠶᠢ ᠢᠯᠭᠠᠷᠠᠭᠤᠯᠤᠨ ᠳᠥᠯᠥᠬᠦ ᠠᠵᠢᠯ ᠢ  ᠦᠷᠨᠢᠭᠦᠯᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠢ ᠢᠯᠭᠠᠷᠠᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠤᠷᠭᠠᠨ ᠬᠥᠮᠦᠵᠢᠯ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ᠂ ᠰᠢᠨ ᠬᠤᠶ ᠪᠠᠯᠭᠠᠰᠤ ᠵᠡᠷᠭᠡ ᠭᠠᠵᠠᠷ ᠣᠷᠣᠨ ᠪᠠ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠲᠤᠰᠢᠶᠠᠭᠰᠠᠨ ᠥᠷᠢᠲᠦᠵᠦ ᠪᠠᠶᠢᠭ᠎ᠠ ᠲᠠᠩᠰᠠᠨ ᠵᠣᠭᠤᠰ ᠢ ᠪᠤᠴᠠᠭᠠᠬᠤ ᠠᠵᠢᠯ ᠢ ᠴᠠᠭ ᠲᠤᠬᠠᠶ ᠳᠤᠨᠢ ᠰᠠᠶᠢᠲᠤᠷ ᠬᠢᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号