| ᠣᠶᠢᠷ᠎ᠠ ᠳᠤ᠂ ᠥᠪᠥᠷ ᠮᠣᠩᠭᠤᠯ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠠᠷᠢᠭᠤᠴᠠᠯᠭᠠᠲᠠᠨ | ᠬᠤᠲᠠ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ 10 ᠬᠥᠮᠦᠨ ᠢ ᠳᠠᠭᠠᠭᠤᠯᠤᠨ ᠠᠤᠬᠠᠨ | ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠤᠨ ᠢᠦᠶ ᠶᠠᠨ ᠲᠠᠩ᠂ ᠾᠧᠦ ᠳ᠋ᠧ ᠢᠳᠡᠭᠡᠨ᠂ ᠳ᠋ᠢᠩ ᠲᠠᠩ ᠤᠨ | ᠲᠠᠷᠢᠶᠠᠯᠠᠩ ᠪᠠ ᠲᠠᠷᠢᠶᠠᠴᠢᠨ ᠡᠪᠦᠭᠡᠨ ᠤ ᠡᠷᠳᠡᠨᠢ ᠰᠢᠰᠢ ᠵᠡᠷᠭᠡ 4 ᠠᠵᠤ ᠠᠬᠤᠶᠢᠯᠠᠯ ᠳᠤ ᠬᠦᠷᠴᠦ ᠪᠠᠩᠬᠢ ᠪᠠ ᠠᠵᠤ | ᠠᠬᠤᠶᠢᠯᠠᠯ ᠢ ᠵᠣᠯᠭᠠᠭᠤᠯᠵᠤ᠂ ᠪᠠᠯᠠ ᠮᠥᠩᠭᠦ ᠴᠤᠭᠯᠠᠭᠤᠯᠬᠤ ᠰᠠᠨᠠᠮᠵᠢ ᠳᠤ ᠠᠩᠬ᠎ᠠ ᠠᠯᠬᠤᠮ ᠭᠦᠷᠦᠭᠰᠡᠨ ᠪᠠᠶᠢᠨ᠎ᠠ᠃ | ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠤᠨ ᠬᠠᠷᠢᠭᠤᠴᠠᠯᠭᠠᠲᠠᠨ ᠣᠶᠢᠷ᠎ᠠ ᠶᠢᠨ ᠬᠡᠳᠦᠨ ᠵᠢᠯ ᠤᠨ ᠠᠵᠤ | ᠦᠢᠯᠡᠰ ᠤᠨ ᠬᠦᠷᠢᠶᠡᠯᠡᠩ ᠤᠨ ᠰᠠᠶᠢᠨ ᠬᠥᠭᠵᠢᠯᠲᠡ ᠶᠢᠨ ᠪᠠᠶᠢᠳᠠᠯ ᠢ ᠨᠠᠷᠢᠨ ᠲᠠᠨᠢᠯᠴᠠᠭᠤᠯᠵᠤ᠂ ᠤᠯᠤᠰ ᠤᠨ ᠬᠥᠳᠡᠭᠡ | ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠭᠤᠤᠯᠳᠠᠯᠭ᠎ᠠ ᠲᠠᠢ ᠲᠠᠨᠢᠯᠴᠠᠭᠤᠯᠪᠠ᠃ ᠠᠵᠤ ᠠᠬᠤᠶᠢᠯᠠᠯ ᠤᠨ | ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ᠂ ᠦᠢᠯᠡᠳᠪᠦᠷᠢᠯᠡᠯ ᠤᠨ | ᠤᠷ᠎ᠠ ᠮᠡᠷᠭᠡᠰᠢᠯ᠂ ᠭᠤᠤᠯ ᠡᠵᠡᠩᠨᠡᠯᠲᠡ ᠶᠢᠨ ᠦᠢᠯᠡᠳᠭᠦᠨ᠂ ᠠᠵᠤ ᠦᠢᠯᠡᠰ ᠤᠨ ᠬᠡᠯᠬᠢᠶ᠎ᠡ᠂ ᠵᠠᠬ᠎ᠠ ᠳᠡᠯᠭᠡᠭᠦᠷ ᠤᠨ | ᠢᠷᠡᠭᠡᠳᠦᠢ ᠶᠢᠨ ᠲᠥᠯᠥᠪ ᠪᠠ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠨᠠᠷᠢᠨ ᠲᠠᠨᠢᠯᠴᠠᠭᠤᠯᠪᠠ᠃ | ᠥᠪᠥᠷ ᠮᠣᠩᠭᠤᠯ ᠤᠨ ᠦᠢᠯᠡᠳᠪᠦᠷᠢ ᠬᠤᠳᠠᠯᠳᠤᠭᠠᠨ ᠤ ᠪᠠᠩᠬᠢ ᠠᠤᠬᠠᠨ ᠬᠤᠰᠢᠭᠤᠨ ᠤ ᠠᠵᠤ ᠦᠢᠯᠡᠰ ᠤᠨ | ᠬᠦᠷᠢᠶᠡᠯᠡᠩ ᠤᠨ ᠣᠶᠢᠷ᠎ᠠ ᠶᠢᠨ ᠬᠡᠳᠦᠨ ᠵᠢᠯ ᠤᠨ ᠬᠥᠭᠵᠢᠯᠲᠡ ᠶᠢ ᠭᠦᠢᠴᠡᠳ ᠮᠡᠳᠡᠷᠡᠵᠦ ᠪᠠᠶᠢᠬᠤ ᠪᠠᠨ | ᠢᠯᠡᠷᠬᠡᠶᠢᠯᠡᠭᠰᠡᠨ ᠪᠥᠭᠡᠳ ᠢᠷᠡᠭᠡᠳᠦᠶ ᠶᠢᠨ ᠬᠥᠭᠵᠢᠯᠲᠡ ᠳᠤ ᠢᠲᠡᠭᠡᠯ ᠲᠡᠭᠦᠯᠳᠡᠷ ᠪᠠᠶᠢᠵᠤ᠂ ᠭᠤᠤᠯᠳᠠᠭᠤ 4 ᠠᠵᠤ | ᠠᠬᠤᠶᠢᠯᠠᠯ ᠳᠤ ᠵᠢᠭᠡᠯᠡᠯᠭᠡ ᠲᠠᠯᠪᠢᠬᠤ ᠲᠥᠷᠥ ᠶᠢᠨ ᠪᠣᠳᠣᠯᠭ᠎ᠠ ᠶᠢ ᠨᠠᠷᠢᠨ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ | ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠳᠤ ᠬᠦᠷᠴᠦ᠂ 0.8 ᠳ᠋ᠦᠩᠰᠢᠭᠤᠷ ᠲᠥᠭᠦᠷᠢᠭ ᠤᠨ ᠪᠠᠯᠠ | ᠬᠤᠷᠠᠮᠳᠤᠭᠤᠯᠬᠤ ᠪᠣᠯᠤᠮᠵᠢ ᠲᠠᠢ ᠪᠠᠶᠢᠵᠤ᠂ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ | ᠬᠦᠴᠦᠲᠡᠶ ᠳᠡᠮᠵᠢᠬᠦ ᠪᠣᠯᠤᠨ᠎ᠠ᠃ |