ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 2 ᠰᠠᠷ᠎ᠠ ᠶᠢᠨ 21 ᠤ ᠦᠳᠡ ᠶᠢᠨ ᠬᠤᠶᠢᠨ᠎ᠠ | ᠰᠠᠭᠤᠷᠢ ᠰᠤᠳᠤᠯᠭᠠᠨ ᠢ ᠴᠢᠩᠭᠠᠳᠬᠠᠬᠤ ᠲᠤᠬᠠᠢ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠰᠠᠭᠤᠷᠢ | ᠰᠤᠳᠤᠯᠭᠠᠨ ᠢ ᠴᠢᠩᠭᠠᠳᠬᠠᠬᠤ ᠪᠣᠯ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠶᠢᠨ ᠲᠤᠯᠭᠠᠮ ᠱᠠᠭᠠᠷᠳᠠᠯᠭ᠎ᠠ ᠮᠥᠨ᠂ ᠳᠡᠯᠡᠬᠡᠢ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠵᠠᠶᠢᠯᠠᠰᠢ ᠦᠭᠡᠢ ᠵᠠᠮ ᠮᠥᠨ᠃ ᠡᠯ᠎ᠡ ᠱᠠᠲᠤᠨ ᠤ | ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠰᠠᠭᠤᠷᠢ ᠰᠤᠳᠤᠯᠭᠠᠨ ᠢ ᠴᠢᠩᠭᠠᠳᠬᠠᠬᠤ ᠶᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠢᠯ ᠤᠨ ᠴᠢᠬᠤᠯᠠ ᠵᠥᠪᠯᠡᠭᠦ ᠵᠦᠢᠯ ᠳᠡᠭᠡᠨ ᠣᠷᠣᠭᠤᠯᠵᠤ᠂ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ ᠰᠠᠭᠤᠷᠢ ᠰᠤᠳᠤᠯᠭᠠᠨ ᠤ | ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠡᠭᠡᠵᠢᠩ ᠶᠡᠭᠡ ᠰᠤᠷᠭᠠᠭᠤᠯᠢ ᠶᠢᠨ ᠵᠠᠬᠢᠷᠤᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠠᠺᠠᠳᠧᠮᠢᠴᠢ ᠭᠦᠩ ᠴᠢ ᠬᠤᠸᠠᠩ ᠫᠷᠤᠹᠧᠰᠰᠤᠷ ᠡᠨᠡ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ | ᠰᠠᠨᠠᠭᠤᠯᠭ᠎ᠠ ᠳᠤᠷᠠᠳᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠨᠥᠬᠦᠳ ᠲᠠᠶᠢᠯᠤᠮᠵᠢ ᠶᠢ | ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ | ᠨᠠᠮ ᠪᠣᠯᠣᠨ ᠤᠯᠤᠰ ᠠᠴᠠ ᠰᠠᠭᠤᠷᠢ ᠰᠤᠳᠤᠯᠭᠠᠨ ᠤ ᠠᠵᠢᠯ ᠢ ᠶᠡᠷᠦ ᠠᠴᠠ ᠴᠢᠬᠤᠯᠠᠴᠢᠯᠠᠭᠰᠠᠭᠠᠷ ᠢᠷᠡᠵᠠᠢ᠃ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ ᠤ ᠲᠠᠷᠠᠭ᠎ᠠ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ | ᠮᠠᠨ ᠤ ᠤᠯᠤᠰ ᠤᠨ ᠰᠠᠭᠤᠷᠢ ᠰᠤᠳᠤᠯᠭᠠᠨ ᠴᠢᠬᠤᠯᠠ ᠶᠡᠭᠡ ᠠᠮᠵᠢᠯᠲᠠ ᠪᠦᠲᠦᠮᠵᠢ ᠣᠯᠪᠠ᠃ ᠣᠳᠣᠬᠠᠨ ᠳᠤ᠂ ᠰᠢᠨ᠎ᠡ ᠨᠢᠭᠡ | ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠨᠢᠰᠬᠦ | ᠮᠡᠲᠦ ᠲᠦᠷᠭᠡᠨ ᠬᠥᠭᠵᠢᠵᠦ᠂ ᠰᠢᠨᠵᠢᠯᠡᠭᠡᠨ ᠤ ᠰᠠᠯᠠᠭ᠎ᠠ ᠶᠢᠨ ᠰᠣᠯᠪᠢᠴᠠᠯ ᠠᠭᠤᠰᠤᠯᠴᠠᠯ ᠲᠠᠰᠤᠷᠠᠯᠲᠠ ᠦᠭᠡᠢ ᠬᠥᠭᠵᠢᠵᠦ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠡᠪ ᠲᠣᠮᠢᠶ᠎ᠠ ᠳᠤ ᠭᠦᠨᠵᠡᠭᠡᠢ ᠬᠤᠪᠢᠰᠤᠯᠲᠠ ᠭᠠᠷᠴᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠲᠦᠷᠭᠡᠨ ᠢᠶᠠᠷ ᠨᠡᠪᠴᠢᠨ ᠠᠭᠤᠰᠤᠯᠴᠠᠵᠤ᠂ ᠰᠠᠭᠤᠷᠢ | ᠰᠤᠳᠤᠯᠭᠠᠨ ᠢ ᠬᠤᠪᠢᠷᠠᠭᠤᠯᠬᠤ ᠦᠶᠡᠯᠡᠯ ᠤᠨ ᠬᠤᠭᠤᠴᠠᠭ᠎ᠠ ᠢᠯᠡᠳᠲᠡ ᠪᠣᠭᠤᠨᠢᠰᠴᠤ᠂ ᠤᠯᠠᠨ ᠤᠯᠤᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠥᠷᠢᠰᠦᠯᠳᠦᠭᠡᠨ ᠰᠠᠭᠤᠷᠢ ᠰᠤᠳᠤᠯᠭᠠᠨ ᠤ ᠬᠤᠰᠢᠭᠤᠷᠠᠯ ᠲᠡᠶᠢᠰᠢ ᠰᠢᠯᠵᠢᠵᠦ ᠪᠠᠶᠢᠨ᠎ᠠ᠃ | ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠢᠰᠦᠯᠳᠦᠭᠡᠨ ᠢ ᠠᠷᠭᠠᠴᠠᠭᠠᠵᠤ᠂ ᠥᠨᠳᠥᠷ | ᠲᠦᠪᠰᠢᠨ ᠪᠦᠬᠦᠢ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠶᠢ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠪᠢᠳᠡᠨ ᠤ ᠰᠠᠭᠤᠷᠢ ᠰᠤᠳᠤᠯᠭᠠᠨ ᠢ | ᠴᠢᠩᠭᠠᠳᠬᠠᠵᠤ᠂ ᠡᠬᠢ ᠡᠭᠦᠰᠦᠯ ᠪᠠ ᠦᠨᠳᠦᠰᠦ ᠰᠠᠭᠤᠷᠢ ᠠᠴᠠ ᠵᠠᠩᠭᠢᠯᠠᠭ᠎ᠠ ᠶᠢᠨ ᠮᠡᠷᠭᠡᠵᠢᠯ ᠤᠨ ᠠᠰᠠᠭᠤᠳᠠᠯ ᠢ | ᠰᠢᠢᠳᠪᠦᠷᠢᠯᠡᠬᠦ ᠶᠢ ᠲᠤᠯᠭᠠᠮ ᠱᠠᠭᠠᠷᠳᠠᠵᠤ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠠᠭᠤᠷᠢ ᠰᠤᠳᠤᠯᠭᠠᠨ ᠤ ᠤᠷᠢᠳᠠᠴᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠰᠢᠰᠲ᠋ᠧᠮᠲᠦ | ᠴᠢᠨᠠᠷ ᠪᠦᠬᠦᠢ ᠪᠠᠶᠢᠷᠢᠰᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠰᠠᠭᠤᠷᠢ ᠰᠤᠳᠤᠯᠭᠠᠨ ᠨᠢ ᠰᠤᠳᠤᠯᠭᠠᠨ ᠠᠴᠠ | ᠬᠡᠷᠡᠭᠯᠡᠭᠡᠨ ᠳᠤ ᠭᠦᠷᠲᠡᠯ᠎ᠡ᠂ ᠲᠠᠭᠢᠭᠠᠳ ᠦᠢᠯᠡᠳᠪᠦᠷᠢᠯᠡᠯ ᠬᠦᠷᠲᠡᠯᠡᠬᠢ ᠡᠷᠳᠡᠮ ᠰᠢᠨᠵᠢᠯᠡᠭᠡᠨ ᠤ ᠬᠡᠯᠬᠢᠶ᠎ᠡ ᠶᠢᠨ ᠡᠬᠢᠨ ᠳᠤᠨᠢ | ᠣᠷᠣᠰᠢᠵᠤ᠂ ᠰᠠᠭᠤᠷᠢ ᠪᠠᠨ ᠪᠠᠲᠤ ᠴᠣᠭᠴᠠᠯᠠᠪᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠲᠣᠮᠣ | ᠠᠰᠠᠷ ᠢ ᠰᠠᠶ᠋ᠢ ᠥᠨᠳᠥᠷ ᠪᠠᠶᠢᠭᠤᠯᠵᠤ ᠴᠢᠳᠠᠨ᠎ᠠ᠃ ︽ᠳᠥᠷᠪᠡ ᠳᠤ ᠬᠠᠨᠳᠤᠭᠤᠯᠬᠤ︾ ᠶᠢ ᠪᠠᠷᠢᠮᠲᠠᠯᠠᠵᠤ᠂ ᠬᠠᠷᠠᠯᠲᠠ ᠪᠠᠷ | ᠤᠳᠤᠷᠢᠳᠤᠮᠵᠢ ᠪᠤᠯᠭᠠᠬᠤ ᠪᠠ ︽ᠬᠤᠶᠠᠷ ᠵᠠᠮ ᠢᠶᠠᠷ ᠵᠠᠮᠨᠠᠬᠤ︾ ᠶᠢ ᠴᠢᠯᠦᠭᠡᠲᠡᠢ ᠰᠦᠪᠡᠭᠴᠢᠯᠡᠬᠦ ᠶᠢ ᠪᠠᠷᠢᠮᠲᠠᠯᠠᠵᠤ᠂ | ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠢ ᠤᠯᠤᠰ ᠤᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠬᠡᠷᠡᠭᠴᠡᠭᠡ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠲᠠᠢ ᠤᠶᠠᠯᠳᠤᠭᠤᠯᠵᠤ᠂ ᠰᠢᠨᠵᠢᠯᠡᠬᠦ | ᠤᠬᠠᠭᠠᠨᠴᠢ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ ᠳᠤᠷᠠᠳᠤᠭᠰᠠᠨ ᠬᠤᠰᠢᠭᠤᠷᠠᠯ ᠠᠰᠠᠭᠤᠳᠠᠯ ᠪᠠ ᠴᠢᠬᠤᠯᠠ ᠶᠡᠭᠡ | ᠬᠡᠷᠡᠭᠯᠡᠭᠡᠨ ᠤ ᠰᠤᠳᠤᠯᠭᠠᠨ ᠤ ᠳᠤᠮᠳᠠ ᠬᠡᠶᠢᠰᠪᠦᠷᠢ ᠪᠠᠷ ᠭᠠᠷᠭᠠᠭᠰᠠᠨ ᠤᠨᠤᠯ ᠤᠨ ᠠᠰᠠᠭᠤᠳᠠᠯ ᠢ ᠨᠢᠭᠡᠳᠦᠯᠲᠡᠢ ᠲᠥᠯᠥᠪᠯᠡᠵᠦ | ᠂ ᠰᠠᠭᠤᠷᠢ ᠰᠤᠳᠤᠯᠭᠠᠨ ᠤ ᠵᠠᠩᠭᠢᠯᠠᠭ᠎ᠠ ᠶᠢᠨ ᠰᠢᠨᠵᠢᠯᠡᠬᠦ ᠤᠬᠠᠭᠠᠨ ᠤ ᠠᠰᠠᠭᠤᠳᠠᠯ ᠢ ᠪᠤᠯᠪᠠᠰᠤᠷᠠᠭᠤᠯᠬᠤ ᠬᠡᠷᠡᠭᠲᠡᠢ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠠᠨᠳᠤᠰᠢ ᠪᠣᠯᠣᠨ ᠤᠯᠤᠰ ᠤᠨ ᠪᠠᠶᠢᠯᠳᠤᠬᠤ | ᠪᠣᠳᠣᠯᠭ᠎ᠠ ᠶᠢᠨ ᠬᠡᠷᠡᠭᠴᠡᠭᠡ ᠶᠢ ᠡᠵᠡᠮᠳᠡᠵᠦ᠂ ᠰᠠᠭᠤᠷᠢ ᠰᠤᠳᠤᠯᠭᠠᠨ ᠤ ᠴᠢᠬᠤᠯᠠ ᠶᠡᠭᠡ ᠲᠦᠷᠦᠯ ᠵᠦᠢᠯ ᠤᠨ ᠪᠣᠯᠣᠮᠵᠢᠲᠤ | ᠴᠢᠨᠠᠷ ᠢ ᠨᠤᠲᠠᠯᠠᠬᠤ ᠪᠠ ᠰᠢᠯᠢᠨ ᠰᠣᠩᠭᠤᠵᠤ ᠦᠨᠡᠯᠡᠨ ᠵᠢᠱᠢᠭᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨᠲᠠᠳ ᠤᠨ | ᠰᠠᠨᠠᠯ ᠢ ᠭᠦᠢᠴᠡᠳ ᠭᠦᠨᠳᠦᠳᠭᠡᠵᠦ᠂ ᠶᠡᠭᠡ ᠬᠠᠨᠳᠤᠰᠢ ᠶᠢ ᠡᠵᠡᠮᠳᠡᠵᠦ᠂ ︽ᠲᠦᠷᠦᠭᠦᠦ ᠠᠯᠬᠤᠮ ᠤᠨ ᠰᠢᠲᠠᠷ᠎ᠠ︾ ᠶᠢ | ᠰᠠᠶᠢᠲᠤᠷ ᠲᠠᠯᠪᠢᠬᠤ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠴᠦᠨ ᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠰᠢᠰᠲ᠋ᠧᠮᠵᠢᠭᠰᠡᠨ ᠰᠠᠭᠤᠷᠢ ᠰᠤᠳᠤᠯᠭᠠᠨ᠂ | ᠬᠤᠰᠢᠭᠤᠷᠠᠯ ᠤᠳᠤᠷᠢᠳᠤᠮᠵᠢ ᠶᠢᠨ ᠬᠠᠶᠢᠨ ᠰᠦᠪᠡᠭᠴᠢᠯᠡᠯᠲᠡ ᠶᠢᠨ ᠴᠢᠨᠠᠷᠲᠠᠢ ᠰᠠᠭᠤᠷᠢ ᠰᠤᠳᠤᠯᠭᠠᠨ᠂ ᠵᠠᠬ᠎ᠠ ᠳᠡᠯᠭᠡᠭᠦᠷ ᠤᠨ | ᠤᠳᠤᠷᠢᠳᠤᠮᠵᠢ ᠶᠢᠨ ᠬᠡᠷᠡᠭᠯᠡᠭᠡᠨ ᠤ ᠴᠢᠨᠠᠷᠲᠠᠢ ᠰᠠᠭᠤᠷᠢ ᠰᠤᠳᠤᠯᠭᠠᠨ ᠢ ᠵᠣᠬᠢᠶᠠᠨ ᠪᠠᠶᠢᠭᠤᠯᠤᠯᠲᠠ ᠲᠠᠢ ᠠᠬᠢᠭᠤᠯᠵᠤ᠂ | ᠤᠯᠤᠰ ᠤᠨ ᠲᠤᠷᠰᠢᠯᠲᠠ ᠶᠢᠨ ᠲᠠᠰᠤᠭ ᠤᠨ ᠬᠥᠲᠥᠯᠥᠨ ᠳᠠᠭᠠᠭᠤᠯᠬᠤ ᠦᠢᠯᠡᠳᠦᠯ᠂ ᠤᠯᠤᠰ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢᠨ ᠪᠠᠶᠢᠭᠤᠯᠤᠮᠵᠢᠴᠢᠯᠠᠬᠰᠠᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ᠂ ᠥᠨᠳᠥᠷ | ᠲᠦᠪᠰᠢᠨ ᠪᠦᠬᠦᠢ ᠰᠤᠳᠤᠯᠭᠠᠨ ᠤ ᠭᠡᠯᠪᠡᠷᠢ ᠶᠢᠨ ᠶᠡᠭᠡ ᠰᠤᠷᠭᠠᠭᠤᠯᠢ ᠶᠢᠨ ᠭᠤᠣᠯ ᠬᠦᠴᠦᠨ ᠤ ᠦᠢᠯᠡᠳᠦᠯ ᠪᠣᠯᠣᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ︽ᠰᠡᠳᠦᠪ ᠭᠠᠷᠭᠠᠭᠴᠢ︾᠂ ︽ | ᠰᠡᠳᠦᠪ ᠬᠠᠷᠢᠭᠤᠯᠤᠭᠴᠢ︾᠂ ︽ᠰᠡᠳᠦᠪ ᠬᠢᠨᠠᠭᠴᠢ︾ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠬᠤ ᠬᠡᠷᠡᠭᠲᠡᠢ᠃ | ᠰᠠᠭᠤᠷᠢ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ | ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ᠂ ᠰᠢᠨ᠎ᠡ ᠪᠠᠷ ᠮᠠᠨᠳᠤᠭᠰᠠᠨ ᠰᠢᠨᠵᠢᠯᠡᠭᠡᠨ ᠤ ᠰᠠᠯᠠᠭ᠎ᠠ᠂ ᠠᠩᠬᠠᠷᠤᠭᠳᠠᠭᠠᠳᠤᠢ | ᠰᠢᠨᠵᠢᠯᠡᠭᠡᠨ ᠤ ᠰᠠᠯᠠᠭ᠎ᠠ ᠪᠣᠯᠣᠨ ᠪᠠᠭᠤᠷᠠᠢ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ ᠶᠢ ᠳᠡᠮᠵᠢᠵᠦ᠂ ᠰᠢᠨᠵᠢᠯᠡᠭᠡᠨ ᠤ | ᠰᠠᠯᠠᠭ᠎ᠠ ᠶᠢᠨ ᠰᠣᠯᠪᠢᠴᠠᠨ ᠠᠭᠤᠰᠤᠯᠴᠠᠬᠤ ᠪᠠ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠰᠤᠳᠤᠯᠭᠠᠨ ᠢ ᠠᠬᠢᠭᠤᠯᠵᠤ᠂ ᠪᠦᠭᠦ | ᠲᠠᠯ᠎ᠠ ᠪᠠᠷ ᠲᠡᠩᠴᠡᠭᠦᠷᠢᠲᠡᠢ ᠬᠥᠭᠵᠢᠭᠰᠡᠨ ᠴᠢᠨᠠᠷ ᠰᠠᠶᠢᠲᠠᠢ ᠰᠢᠨᠵᠢᠯᠡᠭᠡᠨ ᠤ ᠰᠠᠯᠠᠭᠠᠨ ᠤ ᠰᠢᠰᠲ᠋ᠧᠮ ᠢ ᠪᠠᠶᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠡᠯᠡᠬᠡᠢ ᠶᠢᠷᠲᠢᠨᠴᠦ ᠨᠢᠭᠡᠨᠲᠡ ᠲᠣᠮᠣ ᠰᠢᠨᠵᠢᠯᠡᠬᠦ ᠤᠬᠠᠭᠠᠨ ᠤ ᠴᠠᠭ ᠦᠶ᠎ᠡ ᠳᠤ ᠣᠷᠣᠵᠤ᠂ | ᠰᠠᠭᠤᠷᠢ ᠰᠤᠳᠤᠯᠭᠠᠨ ᠤ ᠵᠣᠬᠢᠶᠠᠨ ᠪᠠᠶᠢᠭᠤᠯᠤᠯᠲᠠ ᠶᠢᠨ ᠬᠡᠮᠵᠢᠶ᠎ᠡ ᠶᠠᠪᠤᠬᠤ ᠲᠤᠲᠤᠮ ᠥᠨᠳᠥᠷ ᠪᠣᠯᠵᠤ᠂ ᠳᠦᠷᠢᠮ ᠤᠨ | ᠪᠠᠲᠤᠯᠠᠭ᠎ᠠ ᠪᠠ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠠᠴᠠ ᠰᠠᠭᠤᠷᠢ ᠰᠤᠳᠤᠯᠭᠠᠨ ᠤ ᠦᠢᠯᠡᠳᠪᠦᠷᠢᠯᠡᠯ ᠳᠤ | ᠦᠵᠡᠭᠦᠯᠭᠦ ᠨᠥᠯᠥᠭᠡ ᠶᠠᠪᠤᠬᠤ ᠲᠤᠲᠤᠮ ᠶᠡᠭᠡ ᠪᠣᠯᠵᠤ ᠪᠠᠶᠢᠨ᠎ᠠ᠃ ᠡᠷᠬᠡᠪᠰᠢ ᠰᠠᠭᠤᠷᠢ ᠰᠤᠳᠤᠯᠭᠠᠨ ᠤ ᠪᠠᠶᠢᠭᠤᠯᠤᠮᠵᠢ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠦᠷᠢᠮ᠂ ᠲᠦᠷᠦ ᠶᠢᠨ ᠪᠣᠳᠣᠯᠭ᠎ᠠ ᠶᠢᠨ ᠦᠷᠳᠡᠭ ᠤᠨ | ᠬᠥᠳᠡᠯᠭᠡᠭᠦᠷ ᠪᠠ ᠪᠠᠶᠢᠯᠳᠤᠬᠤ ᠪᠣᠳᠣᠯᠭ᠎ᠠ ᠶᠢᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠰᠠᠭᠤᠷᠢ | ᠰᠤᠳᠤᠯᠭᠠᠨ ᠤ ᠡᠳ᠋ ᠤᠨ ᠵᠠᠰᠠᠭ ᠤᠨ ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠭᠠᠶᠢᠯᠢ ᠲᠠᠲᠠᠪᠤᠷᠢ ᠶᠢᠨ | ᠬᠠᠷᠠᠭᠠᠯᠵᠠᠯ ᠦᠵᠡᠭᠦᠯᠭᠦ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠤᠨ | ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠨᠡᠶᠢᠭᠡᠮ ᠤᠨ ᠬᠦᠴᠦᠨ ᠤ ᠰᠢᠨᠵᠢᠯᠡᠬᠦ ᠤᠬᠠᠭᠠᠨ ᠤ ᠰᠠᠭᠤᠷᠢ | ᠮᠥᠩᠭᠦ ᠪᠠᠶᠢᠭᠤᠯᠬᠤ᠂ ᠰᠢᠨᠵᠢᠯᠡᠬᠦ ᠤᠬᠠᠭᠠᠨ ᠳᠤ ᠬᠠᠨᠳᠢᠪᠯᠡᠬᠤ ᠵᠡᠷᠭᠡ ᠤᠯᠠᠨ ᠡᠰᠢᠲᠦ ᠣᠷᠣᠭᠤᠯᠤᠯᠲᠠ ᠶᠢ | ᠵᠣᠷᠢᠭᠵᠢᠭᠤᠯᠵᠤ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠵᠢᠴᠢ ᠲᠡᠭᠦᠨ ᠤ ᠬᠠᠮᠲᠤᠷᠠᠭᠰᠠᠨ | ᠰᠠᠭᠤᠷᠢ ᠮᠥᠩᠭᠦ ᠶᠢᠨ ᠲᠡᠳᠬᠦᠨ ᠲᠤᠰᠠᠯᠠᠬᠤ ᠦᠢᠯᠡᠳᠦᠯ ᠴᠢᠳᠠᠪᠬᠢ ᠶᠢ ᠳᠡᠭᠡᠭᠰᠢᠯᠡᠭᠦᠯᠵᠦ᠂ ᠥᠷᠢᠰᠦᠯᠳᠦᠭᠡᠨ ᠤ ᠴᠢᠨᠠᠷᠲᠠᠢ | ᠳᠡᠮᠵᠢᠯᠭᠡ ᠪᠠ ᠲᠣᠭᠲᠠᠭᠤᠨ ᠳᠡᠮᠵᠢᠯᠭᠡ ᠶᠢ ᠤᠶᠠᠯᠳᠤᠭᠤᠯᠤᠭᠰᠠᠨ ᠰᠠᠭᠤᠷᠢ ᠰᠤᠳᠤᠯᠭᠠᠨ ᠤ ᠣᠷᠣᠭᠤᠯᠤᠯᠲᠠ ᠶᠢᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠥᠯᠥᠪᠯᠡᠭᠡ ᠶᠢᠨ ᠰᠠᠭᠤᠷᠢ ᠰᠤᠳᠤᠯᠭᠠᠨ ᠤ ᠳᠡᠮᠵᠢᠯᠭᠡ ᠶᠢᠨ ᠰᠢᠰᠲ᠋ᠧᠮ ᠢ ᠰᠢᠯᠢᠳᠡᠭᠵᠢᠭᠦᠯᠵᠦ᠂ ᠰᠠᠭᠤᠷᠢ ᠰᠤᠳᠤᠯᠭᠠᠨ ᠤ | ᠲᠦᠷᠦᠯ ᠵᠦᠢᠯ ᠢ ᠵᠣᠬᠢᠶᠠᠨ ᠪᠠᠶᠢᠭᠤᠯᠬᠤ᠂ ᠭᠤᠶᠤᠴᠢᠯᠠᠨ ᠮᠡᠳᠡᠭᠦᠯᠭᠦ᠂ ᠦᠨᠡᠯᠡᠨ ᠲᠣᠭᠲᠠᠭᠠᠬᠤ ᠪᠠ ᠰᠢᠢᠳᠪᠦᠷᠢᠲᠦ | ᠪᠣᠳᠣᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠥᠷᠢᠶᠡᠲᠦ ᠴᠢᠨᠠᠷᠲᠠᠢ ᠪᠠᠷ ᠲᠦᠷᠦᠯ ᠬᠤᠪᠢᠶᠠᠭᠰᠠᠨ | ᠬᠠᠮᠢᠶᠠᠷᠤᠯᠲᠠ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠠᠵᠢᠯ ᠨᠢᠭᠡᠲᠡᠨ ᠤ ᠦᠨᠡᠯᠡᠯᠲᠡ ᠶᠢ ᠬᠡᠷᠡᠭᠵᠢᠭᠦᠯᠵᠦ᠂ | ᠴᠢᠬᠤᠯᠠ ᠶᠡᠭᠡ ᠰᠢᠨᠵᠢᠯᠡᠬᠦ ᠤᠬᠠᠭᠠᠨ ᠤ ᠠᠰᠠᠭᠤᠳᠠᠯ ᠳᠤ ᠬᠠᠨᠳᠤᠭᠤᠯᠤᠭᠰᠠᠨ ᠬᠠᠮᠵᠢᠯᠴᠠᠨ ᠪᠣᠭᠤᠮᠲᠠ ᠰᠢᠪᠲᠤᠯᠬᠤ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠵᠦ᠂ ᠴᠢᠯᠦᠭᠡᠲᠦ ᠬᠠᠶᠢᠨ ᠰᠦᠪᠡᠭᠴᠢᠯᠡᠯᠲᠡ ᠶᠢᠨ ᠮᠠᠶ᠋ᠢᠭ ᠤᠨ ᠰᠤᠳᠤᠯᠭᠠᠨ ᠪᠠ | ᠬᠠᠮᠲᠤ ᠶᠢᠨ ᠲᠠᠨᠢᠯᠲᠠ ᠶᠢᠨ ᠪᠤᠰᠤ ᠰᠢᠨ᠎ᠡ ᠶᠢ ᠡᠭᠦᠳᠭᠦ ᠰᠤᠳᠤᠯᠭᠠᠨ ᠢ ᠵᠣᠷᠢᠭᠵᠢᠭᠤᠯᠬᠤ ᠬᠡᠷᠡᠭᠲᠡᠢ᠃ ᠰᠢᠨ᠎ᠡ | ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠮᠵᠢ ᠪᠣᠯᠣᠨ ᠵᠠᠬ᠎ᠠ ᠳᠡᠯᠭᠡᠭᠦᠷ ᠤᠨ ᠲᠣᠭᠲᠠᠴᠠ ᠶᠢᠨ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠵᠦ᠂ ᠰᠠᠭᠤᠷᠢ ᠰᠤᠳᠤᠯᠭᠠᠨ ᠤ ᠤᠷᠳᠤ ᠦᠶᠡᠯᠡᠯ ᠤᠨ ᠬᠤᠭᠤᠴᠠᠭ᠎ᠠ ᠲᠠᠢ ᠵᠣᠬᠢᠴᠠᠭᠰᠠᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠨᠡᠯᠡᠯᠲᠡ ᠤᠷᠮᠠᠰᠢᠭᠤᠯᠤᠯ᠂ ᠦᠷ᠎ᠡ ᠪᠦᠲᠦᠭᠡᠯ ᠢ ᠬᠡᠷᠡᠭᠯᠡᠵᠦ ᠣᠨᠳᠣᠣᠰᠢᠭᠤᠯᠬᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠴᠠᠯᠢᠩ ᠬᠥᠯᠥᠰᠦ ᠵᠡᠷᠭᠡ ᠳᠦᠷᠢᠮ ᠢ ᠪᠦᠷᠢᠨᠰᠢᠭᠦᠯᠵᠦ᠂ ᠨᠢᠭᠡ ᠪᠦᠯᠦᠭ | ᠰᠠᠭᠤᠷᠢ ᠰᠤᠳᠤᠯᠭᠠᠨ ᠤ ᠰᠢᠨ᠎ᠡ ᠶᠢ ᠡᠭᠦᠳᠭᠦ ᠰᠠᠭᠤᠷᠢᠨ᠂ ᠳᠠᠪᠠᠭᠤᠯᠢᠭ ᠪᠦᠯᠭᠦᠮ ᠪᠣᠯᠣᠨ ᠭᠤᠣᠯᠳᠠᠯᠭ᠎ᠠ ᠲᠠᠢ ᠴᠢᠭᠯᠡᠯ ᠢ | ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠲᠡᠮᠵᠢᠵᠤ᠂ ᠤᠤᠭᠠᠯ ᠡᠭᠦᠳᠦᠯᠲᠡ ᠶᠢᠨ ᠭᠤᠯᠣᠮᠲᠠ ᠪᠣᠯᠣᠨ ᠰᠠᠭᠤᠷᠢ | ᠰᠤᠳᠤᠯᠭᠠᠨ ᠤ ᠬᠤᠰᠢᠭᠤᠴᠢ ᠬᠦᠴᠦᠨ ᠢ ᠪᠤᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠤᠯᠤᠰ ᠤᠨ ᠣᠨᠴᠠᠯᠢᠭ ᠲᠠᠢ ᠤᠯᠤᠰ ᠤᠨ ᠲᠤᠷᠰᠢᠯᠲᠠ ᠶᠢᠨ ᠲᠠᠰᠤᠭ ᠤᠨ ᠰᠢᠰᠲ᠋ᠧᠮ ᠢ | ᠬᠠᠮᠵᠢᠯᠴᠠᠨ ᠪᠠᠶᠢᠭᠤᠯᠵᠤ᠂ ᠰᠠᠭᠤᠷᠢ ᠰᠢᠨᠵᠢᠯᠡᠭᠡᠨ ᠤ ᠰᠠᠯᠠᠭ᠎ᠠ ᠶᠢᠨ ᠰᠤᠳᠤᠯᠭᠠᠨ ᠤ ᠲᠥᠪ ᠢ ᠪᠠᠶᠢᠷᠢᠰᠢᠭᠤᠯᠤᠨ | ᠪᠠᠶᠢᠭᠤᠯᠵᠤ᠂ ᠰᠢᠨ᠎ᠡ ᠭᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠮᠡᠳᠡᠭᠡ ᠵᠠᠩᠭᠢᠵᠢᠯᠲᠠ ᠶᠢᠨ ᠰᠠᠭᠤᠷᠢ | ᠲᠠᠪᠴᠠᠩ ᠢ ᠤᠷᠢᠳᠴᠢᠯᠠᠨ ᠪᠠᠶᠢᠷᠢᠯᠠᠭᠤᠯᠵᠤ᠂ ᠬᠦᠴᠦᠷᠬᠡᠭ ᠶᠡᠭᠡ ᠰᠠᠭᠤᠷᠢ ᠰᠤᠳᠤᠯᠭᠠᠨ ᠤ ᠭᠤᠣᠯᠯᠠᠭᠴᠢ ᠬᠦᠴᠦᠨ ᠤ | ᠲᠣᠣᠷ ᠢ ᠪᠦᠷᠢᠯᠳᠦᠭᠦᠯᠬᠦ ᠬᠡᠷᠡᠭᠲᠡᠢ᠃ ᠪᠠᠷᠠᠯᠠᠯᠳᠤ ᠴᠢᠨᠠᠷᠲᠠᠢ ᠬᠥᠲᠥᠯᠥᠨ ᠳᠠᠭᠠᠭᠤᠯᠬᠤ ᠭᠡᠯᠪᠡᠷᠢ᠂ ᠪᠠᠶᠢᠯᠳᠤᠬᠤ | ᠪᠣᠳᠣᠯᠭ᠎ᠠ ᠶᠢᠨ ᠤᠳᠤᠷᠢᠳᠤᠮᠵᠢ ᠶᠢᠨ ᠭᠡᠯᠪᠡᠷᠢ᠂ ᠬᠡᠷᠡᠭᠯᠡᠭᠡᠨ ᠤ ᠲᠤᠯᠭᠠᠭᠤᠷᠢᠯᠠᠯ ᠤᠨ ᠭᠡᠯᠪᠡᠷᠢ ᠶᠢᠨ ᠴᠢᠬᠤᠯᠠ ᠶᠡᠭᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ | ᠪᠠᠶᠢᠷᠢᠰᠢᠭᠤᠯᠵᠤ᠂ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤᠮᠳᠠᠬᠢ ᠪᠠ ᠪᠦᠲᠦᠭᠡᠨ ᠪᠠᠶᠢᠭᠤᠯᠵᠤ ᠳᠠᠭᠤᠰᠤᠭᠰᠠᠨ | ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠭᠦ ᠠᠮᠢ ᠨᠠᠰᠤᠨ ᠤ ᠦᠶᠡᠯᠡᠯ ᠤᠨ ᠬᠠᠮᠢᠶᠠᠷᠤᠯᠲᠠ ᠶᠢ | ᠲᠡᠭᠦᠯᠳᠡᠷᠵᠢᠭᠦᠯᠵᠦ᠂ ᠨᠡᠭᠡᠭᠡᠯᠲᠡᠲᠤ ᠬᠠᠮᠲᠤ ᠪᠠᠷ ᠡᠳ᠋ᠯᠡᠭᠦ ᠲᠦᠪᠰᠢᠨ ᠪᠠ ᠠᠵᠢᠯᠯᠠᠭᠠᠨ ᠤ ᠦᠷ᠎ᠡ ᠪᠦᠲᠦᠮᠵᠢ ᠶᠢ ᠪᠦᠭᠦ | ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠮᠵᠢᠭᠦᠷᠯᠢᠭ ᠲᠥᠬᠦᠭᠡᠷᠦᠮᠵᠢ᠂ | ᠠᠵᠢᠯᠯᠠᠭᠤᠯᠬᠤ ᠰᠢᠰᠲ᠋ᠧᠮ ᠪᠣᠯᠣᠨ ᠰᠠᠭᠤᠷᠢ ᠵᠥᠭᠡᠯᠡᠨ ᠲᠤᠨᠤᠭ ᠢ ᠤᠯᠤᠰ ᠲᠠᠭᠠᠨ ᠦᠢᠯᠡᠳᠪᠦᠷᠢᠯᠡᠬᠦ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ | ᠰᠤᠷᠭᠠᠭᠤᠯᠢ ᠪᠣᠯᠣᠨ ᠠᠵᠤ ᠠᠬᠤᠶᠢᠯᠠᠯ ᠬᠠᠮᠲᠤᠷᠠᠨ ᠪᠣᠭᠤᠮᠲᠠ ᠰᠢᠪᠲᠤᠯᠬᠤ ᠶᠢ ᠵᠣᠷᠢᠭᠵᠢᠭᠤᠯᠵᠤ᠂ ᠤᠯᠤᠰ ᠲᠠᠭᠠᠨ | ᠦᠢᠯᠡᠳᠪᠦᠷᠢᠯᠡᠬᠦ ᠦᠢᠯᠡᠳᠬᠦᠨ ᠢᠶᠠᠷ ᠣᠷᠣᠯᠠᠭᠤᠯᠬᠤ ᠲᠦᠪᠰᠢᠨ ᠪᠣᠯᠣᠨ ᠬᠡᠷᠡᠭᠯᠡᠬᠦ ᠬᠡᠪᠴᠢᠶ᠎ᠡ ᠶᠢ ᠳᠡᠭᠡᠭᠰᠢᠯᠡᠭᠦᠯᠵᠦ᠂ | ᠮᠠᠨ ᠤ ᠤᠯᠤᠰ ᠤᠨ ᠪᠡᠶ᠎ᠡ ᠪᠠᠨ ᠳᠠᠭᠠᠭᠠᠵᠤ ᠦᠢᠯᠡᠳᠪᠦᠷᠯᠡᠭᠰᠡᠨ ᠰᠤᠳᠤᠯᠭᠠᠨ ᠤ ᠲᠠᠪᠴᠠᠩ᠂ ᠬᠡᠮᠵᠢᠭᠦᠷᠯᠢᠭ | ᠲᠥᠬᠦᠭᠡᠷᠦᠮᠵᠢ ᠪᠠᠷ ᠴᠢᠬᠤᠯᠠ ᠶᠡᠭᠡ ᠰᠠᠭᠤᠷᠢ ᠰᠤᠳᠤᠯᠭᠠᠨ ᠤ ᠠᠰᠠᠭᠤᠳᠠᠯ ᠢ ᠰᠢᠢᠳᠪᠦᠷᠢᠯᠡᠬᠦ ᠶᠢ ᠡᠷᠲᠡᠬᠡᠨ ᠪᠡᠶᠡᠯᠡᠭᠦᠯᠬᠦ ᠪᠠᠷ | ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠰᠠᠭᠤᠷᠢ ᠰᠤᠳᠤᠯᠭᠠᠨ ᠢ ᠴᠢᠩᠭᠠᠳᠬᠠᠬᠤ ᠳᠤ ᠡᠴᠦᠰ ᠤᠨ ᠡᠴᠦᠰ ᠲᠡᠭᠡᠨ ᠥᠨᠳᠥᠷ ᠲᠦᠪᠰᠢᠨ | ᠪᠦᠬᠦᠢ ᠴᠢᠳᠠᠪᠤᠷᠢᠲᠠᠨ ᠳᠤ ᠲᠦᠰᠢᠭᠯᠡᠨ᠎ᠡ᠃ ᠡᠷᠬᠡᠪᠰᠢ ᠰᠢᠰᠲ᠋ᠧᠮᠵᠢᠭᠰᠡᠨ᠂ ᠳᠡᠭᠡᠳᠦ ᠲᠠᠰ ᠳᠠᠪᠬᠤᠷᠭ᠎ᠠ ᠶᠢᠨ ᠰᠠᠭᠤᠷᠢ | ᠰᠤᠳᠤᠯᠭᠠᠨ ᠤ ᠴᠢᠳᠠᠪᠤᠷᠢᠲᠠᠨ ᠢ ᠬᠥᠮᠥᠵᠢᠭᠦᠯᠬᠦ ᠲᠠᠪᠴᠠᠩ ᠢ ᠬᠦᠴᠦᠯᠡᠨ ᠪᠠᠶᠢᠭᠤᠯᠵᠤ᠂ ᠨᠠᠩ ᠣᠯᠠᠨ ᠰᠠᠭᠤᠷᠢ | ᠰᠤᠳᠤᠯᠭᠠᠨ ᠤ ᠴᠢᠳᠠᠪᠤᠷᠢᠲᠠᠨ ᠢ ᠥᠷᠢᠰᠦᠯᠳᠦᠭᠦᠯᠦᠨ ᠴᠣᠯᠭᠤᠷᠠᠭᠤᠯᠬᠤ ᠬᠡᠷᠡᠭᠲᠡᠢ᠃ ᠡᠯ᠎ᠡ ᠲᠦᠷᠦᠯ ᠤᠨ ᠴᠢᠳᠠᠪᠤᠷᠢᠲᠠᠨ ᠤ | ᠲᠥᠯᠥᠪᠯᠡᠭᠡ ᠶᠢᠨ ᠰᠠᠭᠤᠷᠢ ᠰᠤᠳᠤᠯᠭᠠᠨ ᠤ ᠴᠢᠳᠠᠪᠤᠷᠢᠲᠠᠨ ᠢ ᠳᠡᠮᠵᠢᠭᠦ ᠡᠷᠴᠢᠮ ᠢ ᠴᠢᠩᠭᠠᠷᠠᠭᠤᠯᠵᠤ᠂ ᠪᠠᠶᠢᠯᠳᠤᠬᠤ | ᠪᠣᠳᠣᠯᠭ᠎ᠠ ᠶᠢᠨ ᠰᠢᠨᠵᠢᠯᠡᠬᠦ ᠤᠬᠠᠭᠠᠨᠲᠠᠨ ᠢ ᠬᠥᠮᠥᠵᠢᠭᠦᠯᠦᠨ ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠵᠠᠯᠠᠭᠤ ᠴᠢᠳᠠᠪᠤᠷᠢᠲᠠᠨ ᠤ ᠭᠤᠣᠯ ᠡᠭᠦᠷᠭᠡ ᠡᠭᠦᠷᠭᠡᠯᠡᠬᠦ᠂ ᠬᠦᠨᠳᠦ ᠡᠭᠦᠷᠭᠡ ᠡᠭᠦᠷᠭᠡᠯᠡᠬᠦ ᠶᠢ ᠲᠡᠮᠵᠢᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠡᠩᠨᠡᠭᠡ ᠪᠣᠯᠣᠨ ᠲᠡᠷᠢᠭᠦᠨ ᠤ ᠰᠢᠨ᠎ᠡ ᠶᠢ ᠡᠭᠦᠳᠭᠦ | ᠪᠦᠯᠭᠦᠮ ᠢ ᠲᠠᠰᠤᠷᠠᠯᠳᠠ ᠦᠭᠡᠢ ᠪᠤᠵᠠᠭᠠᠶᠢᠷᠠᠭᠤᠯᠬᠤ ᠬᠡᠷᠡᠭᠲᠡᠢ᠃ ᠰᠠᠭᠤᠷᠢ ᠰᠤᠳᠤᠯᠭᠠᠨ ᠤ ᠴᠢᠳᠠᠪᠤᠷᠢᠲᠠᠨ ᠢ | ᠵᠦᠷᠢᠶᠡᠴᠢᠯᠡᠨ ᠦᠨᠡᠯᠡᠭᠦ ᠪᠠ ᠤᠷᠳᠤ ᠦᠶᠡᠯᠡᠯ ᠤᠨ ᠬᠤᠭᠤᠴᠠᠭ᠎ᠠ ᠪᠠᠷ ᠳᠡᠮᠵᠢᠭᠦ ᠲᠣᠭᠲᠠᠴᠠ ᠶᠢ ᠲᠡᠭᠦᠯᠳᠡᠷᠵᠢᠭᠦᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠳᠤ ᠨᠡᠩ ᠶᠡᠭᠡ ᠬᠥᠮᠥᠨ ᠤ ᠬᠦᠴᠦ ᠵᠣᠭᠤᠰ | ᠮᠥᠩᠭᠦ ᠡᠳ᠋ ᠪᠣᠳᠠᠰ ᠢ ᠡᠵᠡᠮᠳᠡᠬᠦ ᠡᠷᠬᠡ ᠪᠣᠯᠣᠨ ᠮᠡᠷᠭᠡᠵᠢᠯ ᠤᠨ ᠱᠤᠭᠤᠮ ᠤᠨ ᠰᠣᠩᠭᠤᠯᠲᠠ ᠶᠢᠨ ᠡᠷᠬᠡ ᠣᠯᠭᠤᠵᠤ᠂ | ᠰᠠᠭᠤᠷᠢ ᠰᠤᠳᠤᠯᠭᠠᠨ ᠤ ᠵᠢᠮ᠎ᠡ ᠶᠣᠰᠣ ᠪᠣᠯᠣᠨ ᠴᠢᠳᠠᠪᠤᠷᠢᠲᠠᠨ ᠤ ᠦᠰᠦᠨ ᠪᠤᠶᠢᠵᠢᠯᠲᠠ ᠶᠢᠨ ᠵᠢᠮ᠎ᠡ ᠶᠣᠰᠣᠨ ᠳᠤ ᠨᠡᠶᠢᠴᠡᠭᠦ | ᠦᠨᠡᠯᠡᠯᠲᠡ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠰᠤᠷᠲᠠᠯ | ᠪᠣᠯᠣᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠸᠭ᠍ᠨ᠋ᠶᠢᠠ᠋ ᠮᠡᠷᠭᠡᠵᠢᠯ ᠤᠨ ᠠᠵᠢᠯᠲᠠᠨ ᠢ | ᠬᠥᠲᠥᠯᠥᠨ ᠳᠠᠭᠠᠭᠤᠯᠵᠤ ᠪᠠᠶᠢᠭᠠᠳ ᠣᠷᠭᠢᠶ᠎ᠠ ᠰᠤᠷᠲᠠᠯ ᠢ ᠨᠢ ᠲᠠᠶᠠᠭᠳᠠᠭᠤᠯᠵᠤ᠂ ᠬᠦᠯᠢᠴᠡᠩᠭᠦᠢ ᠪᠤᠰᠤ ᠪᠠᠶᠢᠳᠠᠯ ᠢ ᠨᠢ | ᠲᠡᠪᠴᠢᠭᠦᠯᠵᠦ᠂ ︽ᠬᠦᠢᠲᠡᠨ ᠰᠠᠨᠳᠠᠯᠢ︾ ᠳᠤ ᠯᠠᠪᠳᠠᠭᠤᠨ ᠲᠣᠭᠲᠠᠭᠤᠨ ᠰᠠᠭᠤᠯᠭᠠᠬᠤ ᠬᠡᠷᠡᠭᠲᠡᠢ᠃ ᠰᠠᠭᠤᠷᠢ | ᠰᠤᠳᠤᠯᠭᠠᠨ ᠤ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ︽ᠳᠤᠮᠳᠠᠳᠤ | ᠰᠤᠷᠭᠠᠭᠤᠯᠢ ᠶᠢᠨ ᠰᠤᠷᠤᠬᠴᠢᠳ ᠤᠨ ᠰᠣᠳᠣᠨ ᠴᠢᠳᠠᠪᠤᠷᠢᠲᠠᠨ ᠤ ᠲᠥᠯᠥᠪᠯᠡᠭᠡ︾᠂ ︽ᠰᠠᠭᠤᠷᠢ ᠶᠢ ᠪᠠᠬᠢᠵᠢᠭᠦᠯᠬᠦ | ᠲᠥᠯᠥᠪᠯᠡᠭᠡ︾᠂ ︽ ᠰᠠᠭᠤᠷᠢ ᠰᠢᠨᠵᠢᠯᠡᠭᠡᠨ ᠤ ᠰᠠᠯᠠᠭᠠᠨ ᠤ ᠣᠷᠣᠶᠢᠯᠠᠭᠰᠠᠨ ᠰᠤᠷᠤᠬᠴᠢᠳ ᠢ ᠬᠥᠮᠥᠵᠢᠭᠦᠯᠬᠦ ᠲᠥᠯᠥᠪᠯᠡᠭᠡ︾ | ᠶᠢ ᠭᠦᠨᠵᠡᠭᠡᠢ ᠬᠡᠷᠡᠭᠵᠢᠭᠦᠯᠵᠦ᠂ ᠰᠠᠭᠤᠷᠢ ᠰᠢᠨᠵᠢᠯᠡᠭᠡᠨ ᠤ ᠰᠠᠯᠠᠭᠠᠨ ᠤ ᠰᠤᠷᠭᠠᠨ ᠬᠥᠮᠦᠵᠢᠯ ᠤᠨ ᠰᠢᠰᠲ᠋ᠧᠮ ᠢ | ᠰᠢᠯᠢᠳᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠢᠯᠠᠩᠭᠤᠶ᠎ᠠ ︽ᠬᠤᠣᠰ ᠲᠡᠷᠢᠭᠦᠨ ᠵᠡᠷᠭᠡ︾ ᠶᠢᠨ ᠶᠡᠭᠡ ᠳᠡᠭᠡᠳᠦ | ᠰᠤᠷᠭᠠᠭᠤᠯᠢ ᠶᠢᠨ ᠰᠠᠭᠤᠷᠢ ᠰᠤᠳᠤᠯᠭᠠᠨ ᠤ ᠴᠢᠳᠠᠪᠤᠷᠢᠲᠠᠨ ᠢ ᠬᠥᠮᠥᠵᠢᠭᠦᠯᠬᠦ ᠭᠤᠣᠯ ᠬᠦᠴᠦᠨ ᠤ ᠦᠢᠯᠡᠳᠦᠯ ᠢ | ᠪᠠᠳᠠᠷᠠᠭᠤᠯᠵᠤ᠂ ᠤᠯᠤᠰ ᠤᠨ ᠪᠠᠴᠢᠮ ᠬᠡᠷᠡᠭᠰᠡᠬᠦ ᠳᠡᠭᠡᠳᠦ ᠲᠡᠰ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ | ᠬᠡᠪᠴᠢᠶ᠎ᠡ ᠨᠢ ᠠᠤᠭ᠎ᠠ ᠶᠡᠭᠡ ᠰᠠᠭᠤᠷᠢ ᠰᠤᠳᠤᠯᠭᠠᠨ ᠤ ᠪᠡᠯᠡᠳᠬᠡᠯ ᠬᠦᠴᠦᠨ ᠢ ᠲᠠᠰᠤᠷᠠᠯᠳᠠ ᠦᠭᠡᠢ ᠪᠤᠢ ᠪᠤᠯᠭᠠᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠮᠥᠨ ᠲᠥᠷᠥᠯᠬᠢᠲᠡᠨ ᠬᠠᠮᠲᠤ ᠶᠢᠨ ᠬᠥᠭᠵᠢᠯᠲᠡ ᠶᠢᠨ ᠬᠦᠴᠢᠷ ᠠᠰᠠᠭᠤᠳᠠᠯ ᠢ | ᠰᠢᠢᠳᠪᠦᠷᠢᠯᠡᠬᠦ ᠳᠤ᠂ ᠤᠯᠠᠨ ᠤᠯᠤᠰ ᠤᠨ ᠬᠠᠮᠲᠤᠷᠠᠯᠴᠠᠭ᠎ᠠ ᠪᠣᠯᠣᠨ ᠨᠡᠭᠡᠭᠡᠯᠲᠡ ᠬᠢᠵᠦ ᠬᠠᠮᠲᠤ ᠪᠠᠷ ᠡᠳ᠋ᠯᠡᠭᠦ ᠶᠢ | ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠱᠠᠭᠠᠷᠳᠠᠵᠤ ᠪᠠᠶᠢᠨ᠎ᠠ᠃ ᠤᠯᠠᠨ ᠤᠯᠤᠰ ᠤᠨ ᠰᠠᠭᠤᠷᠢ ᠰᠤᠳᠤᠯᠭᠠᠨ ᠤ | ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠰᠢᠨᠵᠢᠯᠡᠬᠦ ᠤᠬᠠᠭᠠᠨ ᠤ | ᠰᠤᠳᠤᠯᠭᠠᠨ ᠤ ᠰᠠᠭᠤᠷᠢ ᠮᠥᠩᠭᠦ ᠶᠢ ᠪᠠᠶᠢᠭᠤᠯᠵᠤ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠥᠯᠥᠪᠯᠡᠭᠡ ᠶᠢᠨ ᠭᠠᠳᠠᠭᠠᠳᠤ ᠨᠡᠭᠡᠭᠡᠯᠲᠡ ᠶᠢᠨ ᠡᠷᠴᠢᠮ ᠢ ᠴᠢᠩᠭᠠᠷᠠᠭᠤᠯᠵᠤ᠂ ᠠᠭᠤᠷ ᠠᠮᠢᠰᠬᠤᠯ ᠤᠨ ᠬᠤᠪᠢᠷᠠᠯᠲᠠ᠂ | ᠡᠨᠧᠷᠭᠢ ᠶᠢᠨ ᠠᠮᠤᠷ ᠲᠦᠪᠰᠢᠨ᠂ ᠠᠮᠢᠳᠤ ᠪᠣᠳᠠᠰ ᠤᠨ ᠠᠮᠤᠷ ᠲᠦᠪᠰᠢᠨ᠂ ᠭᠠᠳᠠᠷ ᠳᠠᠪᠬᠤᠷᠭ᠎ᠠ ᠶᠢᠨ ᠣᠷᠣᠨ ᠵᠠᠢ ᠶᠢᠨ | ᠠᠰᠢᠭᠯᠠᠯᠲᠠ ᠵᠡᠷᠭᠡ ᠪᠦᠭᠦ ᠪᠥᠮᠪᠥᠷᠴᠡᠭ ᠤᠨ ᠠᠰᠠᠭᠤᠳᠠᠯ ᠤᠨ ᠲᠣᠭᠤᠷᠢᠨ ᠳᠤ᠂ ᠳᠤᠮᠳᠠᠳᠤ ᠭᠠᠳᠠᠭᠠᠳᠤ ᠶᠢᠨ ᠬᠠᠮᠲᠤᠷᠠᠭᠰᠠᠨ | ᠰᠢᠨᠵᠢᠯᠡᠬᠦ ᠤᠬᠠᠭᠠᠨ ᠤ ᠰᠤᠳᠤᠯᠭᠠᠨ ᠢ ᠥᠷᠭᠡᠳᠬᠡᠨ ᠭᠦᠨᠵᠡᠭᠡᠶᠢᠷᠡᠭᠦᠯᠬᠦ ᠬᠡᠷᠡᠭᠲᠡᠢ᠃ ᠪᠦᠭᠦ ᠪᠥᠮᠪᠥᠷᠴᠡᠭ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠵᠠᠰᠠᠯᠲᠠ ᠳᠤ ᠤᠷᠢᠳᠴᠢᠯᠠᠨ ᠲᠥᠰᠥᠪᠯᠡᠬᠦ ᠪᠠ ᠭᠦᠨᠵᠡᠭᠡᠢ ᠣᠷᠣᠯᠴᠠᠵᠤ᠂ ᠤᠯᠠᠨ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠣᠬᠢᠶᠠᠨ ᠪᠠᠶᠢᠭᠤᠯᠤᠯᠲᠠ ᠳᠤ ᠣᠷᠤᠯᠴᠠᠬᠤ ᠪᠤᠶᠤ ᠲᠡᠭᠦᠨ ᠢ | ᠡᠭᠦᠰᠬᠡᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠣᠬᠢᠶᠠᠨ ᠪᠠᠶᠢᠭᠤᠯᠤᠯᠲᠠ ᠶᠢᠨ ᠤᠯᠠᠨ | ᠤᠯᠤᠰ ᠯᠤᠭ᠎ᠠ ᠵᠣᠯᠭᠠᠯᠴᠠᠭ᠎ᠠ ᠬᠢᠬᠦ ᠶᠢ ᠳᠡᠮᠵᠢᠭᠦ ᠬᠡᠷᠡᠭᠲᠡᠢ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠡᠲᠡᠭᠡᠳ ᠤᠨ ᠨᠡᠭᠡᠭᠡᠯᠲᠡ᠂ ᠢᠲᠡᠭᠡᠯᠴᠡᠭᠡ᠂ ᠬᠠᠮᠲᠤᠷᠠᠯᠴᠠᠭ᠎ᠠ ᠶᠢ ᠴᠢᠷᠮᠠᠶᠢᠨ ᠨᠡᠮᠡᠭᠳᠡᠭᠦᠯᠵᠦ᠂ ᠨᠡᠩ ᠤᠯᠠᠨ | ᠴᠢᠬᠤᠯᠠ ᠶᠡᠭᠡ ᠤᠤᠭᠠᠯ ᠡᠭᠦᠳᠦᠯᠲᠡ ᠪᠠ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠪᠠᠷ ᠬᠥᠮᠥᠨ | ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢᠨ ᠬᠠᠮᠲᠤ ᠮᠠᠨ ᠤ | ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠮᠤᠷ ᠲᠦᠪᠰᠢᠨ ᠤ ᠠᠰᠢᠭ ᠲᠤᠰᠠ ᠶᠢ ᠪᠦᠲᠦᠮᠵᠢᠲᠡᠢ | ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠮᠠᠨ ᠤ ᠤᠯᠤᠰ ᠤᠨ ᠬᠡᠳᠦᠨ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠲᠠᠳ ᠦᠷᠭᠦᠯᠵᠢᠯᠡᠨ ᠲᠡᠮᠡᠴᠡᠵᠦ ᠪᠠᠶᠢᠭᠠᠳ ᠴᠣᠭᠴᠠᠯᠠᠭᠰᠠᠨ ︽ᠬᠤᠶᠠᠷ ᠪᠥᠮᠪᠦᠭᠡ ᠨᠢᠭᠡ ᠤᠳᠤᠨ︾ ᠤ ᠵᠣᠷᠢᠭ | ᠰᠠᠨᠠᠭ᠎ᠠ᠂ ᠪᠠᠷᠠᠭᠤᠨᠰᠢ ᠨᠡᠭᠦᠭᠰᠡᠨ ᠵᠣᠷᠢᠭ ᠰᠠᠨᠠᠭ᠎ᠠ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ᠂ | ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠵᠣᠷᠢᠭ ᠰᠠᠨᠠᠭ᠎ᠠ᠂ ᠰᠢᠨ᠎ᠡ ᠴᠠᠭ | ᠦᠶ᠎ᠡ ᠶᠢᠨ ᠳᠣᠬᠢᠭᠤᠷ ᠲᠤᠯᠤᠭᠠᠨ ᠤᠳᠤᠨ ᠤ ᠵᠣᠷᠢᠭ ᠰᠠᠨᠠᠭ᠎ᠠ ᠵᠡᠷᠭᠡ ᠨᠢ ᠳᠤᠮᠳᠠᠳᠤ ᠤᠯᠤᠰ ᠤᠨ ᠣᠨᠴᠠᠯᠢᠭ ᠲᠠᠢ | ᠰᠢᠨ᠎ᠡ ᠶᠢ ᠡᠭᠦᠳᠭᠦ ᠠᠮᠢ ᠠᠬᠤᠢ ᠶᠢ ᠬᠠᠮᠲᠤ ᠪᠠᠷ ᠴᠣᠭᠴᠠᠯᠠᠵᠤ᠂ ᠰᠠᠭᠤᠷᠢ ᠰᠤᠳᠤᠯᠭᠠᠨ ᠤ ᠬᠥᠭᠵᠢᠯᠲᠡ ᠶᠢ | ᠲᠤᠯᠭᠠᠭᠤᠷᠢᠯᠠᠬᠤ ᠳᠤᠨᠳᠠᠷᠠᠰᠢ ᠦᠭᠡᠢ ᠬᠥᠳᠡᠯᠭᠡᠬᠦ ᠬᠦᠴᠦᠨ ᠪᠣᠯᠵᠠᠢ᠃ ᠨᠡᠶᠢᠭᠡᠮ ᠳᠠᠶᠠᠭᠠᠷ ᠲᠤ ᠦᠨᠡᠨ ᠶᠣᠰᠣ ᠶᠢ | ᠬᠥᠭᠡᠭᠡᠴᠡᠯᠳᠦᠬᠦ᠂ ᠨᠣᠶᠠᠨ ᠤᠷᠭᠢᠯ ᠳᠤ ᠵᠣᠷᠢᠭᠲᠠᠢ ᠪᠠᠷ ᠠᠪᠠᠷᠢᠬᠤ ᠰᠢᠨᠵᠢᠯᠡᠬᠦ ᠤᠬᠠᠭᠠᠨᠨ ᠤ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠵᠤ᠂ ᠰᠠᠭᠤᠷᠢ ᠰᠤᠳᠤᠯᠭᠠᠨ ᠵᠡᠷᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠷᠢᠶᠡᠨ ᠳᠤ ᠴᠣᠯᠭᠤᠷᠠᠨ | ᠭᠠᠷᠤᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠪᠠ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠥᠷᠭᠡᠨ ᠤᠯᠠᠨ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠢᠯᠲᠠᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ | ᠠᠬᠠᠮᠠᠳ ᠨᠢᠭᠡ ᠦᠶ᠎ᠡ ᠶᠢᠨ ᠰᠢᠨᠵᠢᠯᠡᠬᠦ ᠤᠬᠠᠭᠠᠨᠲᠠᠨ ᠤ ᠤᠯᠤᠰ ᠣᠷᠣᠨ ᠤ ᠪᠠᠨ ᠲᠥᠯᠥᠭᠡ ᠵᠢᠳᠭᠦᠭᠦ᠂ ᠠᠷᠠᠳ | ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ ᠢᠷᠠᠭᠤ ᠠᠯᠳᠠᠷᠲᠤ ᠤᠯᠠᠮᠵᠢᠯᠠᠯ ᠢ ᠤᠯᠠᠮᠵᠢᠯᠠᠨ ᠵᠠᠯᠭᠠᠮᠵᠢᠯᠠᠵᠤ᠂ | ᠥᠭᠦᠯᠡᠯ ᠢᠶᠠᠨ ᠡᠬᠡ ᠤᠯᠤᠰ ᠤᠨ ᠡᠬᠡ ᠭᠠᠵᠠᠷ ᠳᠡᠭᠡᠷ᠎ᠡ ᠪᠢᠴᠢᠭᠦ ᠪᠤᠯᠭᠠᠬᠤ ᠬᠡᠷᠡᠭᠲᠡᠢ᠃ ᠤᠯᠤᠰ ᠤᠨ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠭᠦ ᠠᠷᠠᠳ ᠤᠨ ᠰᠢᠨᠵᠢᠯᠡᠬᠦ | ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠦᠯᠵᠢᠶᠡᠨ ᠳᠡᠭᠡᠷᠡᠬᠢ | ᠪᠠ ᠪᠣᠳᠠᠲᠤ ᠴᠣᠭᠴᠠ ᠶᠢᠨ ᠤᠯᠠᠨ ᠠᠷᠭ᠎ᠠ ᠵᠠᠮ ᠢᠶᠠᠷ ᠰᠢᠨᠵᠢᠯᠡᠬᠦ ᠤᠬᠠᠭᠠᠨ ᠤ ᠮᠡᠳᠡᠯᠭᠡ ᠶᠢ ᠤᠯᠠᠮᠵᠢᠯᠠᠵᠤ᠂ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠠᠮᠵᠢᠯᠲᠠ ᠪᠦᠲᠦᠮᠵᠢ ᠶᠢ ᠢᠯᠡᠷᠡᠭᠦᠯᠵᠦ᠂ ᠰᠢᠨᠵᠢᠯᠡᠬᠦ ᠤᠬᠠᠭᠠᠨ ᠢ ᠬᠠᠶᠢᠷᠠᠯᠠᠬᠤ᠂ | ᠰᠢᠨᠵᠢᠯᠡᠬᠦ ᠤᠬᠠᠭᠠᠨ ᠢ ᠳᠡᠭᠡᠳᠦᠯᠡᠬᠦ ᠨᠡᠶᠢᠭᠡᠮ ᠤᠨ ᠬᠡᠪ ᠰᠤᠷᠲᠠᠯ ᠢ ᠪᠤᠢ ᠪᠤᠯᠭᠠᠬᠤ ᠬᠡᠷᠡᠭᠲᠡᠢ᠃ ᠰᠤᠷᠭᠠᠨ ᠬᠥᠮᠦᠵᠢᠯ ᠤᠨ ︽ | ᠬᠤᠶᠠᠷ ᠢ ᠬᠥᠩᠭᠡᠷᠡᠭᠦᠯᠬᠦ︾ ᠳᠤᠮᠳᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠮᠡᠯᠲᠡ ᠶᠢ ᠰᠠᠶᠢᠲᠤᠷ ᠬᠢᠵᠦ᠂ | ᠵᠠᠯᠠᠭᠤᠴᠤᠳ ᠪᠠᠭᠠᠴᠤᠳ ᠤᠨ ᠰᠣᠨᠢᠭᠤᠴᠢ ᠰᠡᠳᠬᠢᠯ᠂ ᠲᠥᠰᠥᠭᠡᠯᠡᠨ ᠪᠤᠳᠤᠬᠤ ᠴᠢᠳᠠᠪᠤᠷᠢ᠂ ᠬᠠᠶᠢᠨ ᠰᠦᠪᠡᠭᠴᠢᠯᠡᠬᠦ | ᠬᠦᠰᠡᠯ ᠢ ᠬᠥᠭᠵᠢᠭᠡᠵᠦ᠂ ᠰᠢᠨᠵᠢᠯᠡᠬᠦ ᠤᠬᠠᠭᠠᠨᠲᠠᠨ ᠤ ᠲᠠᠯᠲᠠ ᠴᠢᠨᠠᠷ ᠢ ᠪᠦᠷᠢᠯᠳᠦᠭᠦᠯᠦᠭᠰᠡᠨ᠂ ᠰᠢᠨᠵᠢᠯᠡᠬᠦ ᠤᠬᠠᠭᠠᠨ ᠤ | ᠰᠤᠳᠤᠯᠭᠠᠨ ᠤ ᠦᠢᠯᠡᠰ ᠲᠤ ᠪᠡᠶ᠎ᠡ ᠪᠠᠨ ᠵᠣᠷᠢᠭᠤᠯᠬᠤ ᠳᠤᠷᠠᠲᠠᠢ ᠵᠠᠯᠠᠭᠤᠴᠤᠳ ᠪᠠᠭᠠᠴᠤᠳ ᠢ ᠬᠥᠮᠥᠵᠢᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠰᠡᠭᠦᠯ ᠳᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠮᠡᠳᠡᠯᠭᠡ ᠶᠢ ᠰᠤᠷᠤᠯᠴᠠᠵᠤ᠂ ᠰᠢᠨᠵᠢᠯᠡᠬᠦ ᠤᠬᠠᠭᠠᠨᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠰᠠᠨᠠᠭᠠᠴᠢᠯᠠᠭ᠎ᠠ ᠠᠴᠠ ᠪᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠢᠯᠲᠠᠳ ᠤᠨ ᠬᠦᠴᠢᠷ ᠵᠣᠪᠠᠭᠤᠷᠢ ᠶᠢ | ᠰᠢᠢᠳᠪᠦᠷᠢᠯᠡᠨ ᠥᠭᠴᠦ᠂ ᠬᠦᠯᠢᠶᠡᠰᠦ ᠶᠢ ᠨᠢ ᠠᠯᠳᠠᠷᠠᠭᠠᠨ ᠳᠠᠷᠤᠭᠠᠰᠤ ᠶᠢ ᠨᠢ ᠬᠥᠩᠭᠡᠷᠡᠭᠦᠯᠵᠦ᠂ ᠡᠷᠴᠢ ᠵᠣᠷᠢᠭ ᠢ ᠨᠢ | ᠬᠥᠪᠴᠢᠯᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠤᠬᠠᠢ ᠨᠠᠮ ᠤᠨ ᠲᠥᠪ ᠬᠤᠷᠢᠶ᠎ᠠ | ᠶᠢᠨ ᠠᠯᠢ ᠤᠯᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | | | | | | | | | | | | | | | | | | | | |