| ᠰᠤᠷᠪᠤᠯᠵᠢᠯᠠᠬᠤ ᠶᠢ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠪᠠᠶᠢᠳᠠᠯ ᠢ ᠪᠠᠶᠢᠴᠠᠭᠠᠬᠤ᠂ ᠠᠷᠠᠳ ᠤᠨ | ᠰᠠᠨᠠᠭ᠎ᠠ ᠶᠢ ᠣᠶᠢᠯᠠᠭᠠᠬᠤ ᠴᠢᠬᠤᠯᠠ ᠪᠠᠶᠢᠴᠠᠭᠠᠨ ᠰᠤᠳᠤᠯᠬᠤ ᠠᠷᠭ᠎ᠠ ᠵᠠᠮ ᠪᠣᠯᠭᠠᠵᠤ᠂ ᠠᠷᠭ᠎ᠠ ᠪᠤᠳᠤᠯᠭ᠎ᠠ ᠶᠢ | ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ | ᠠᠰᠠᠭᠤᠬᠤ ᠶᠢᠨ ᠴᠢᠬᠤᠯᠠ ᠠᠴᠢᠶᠠᠯᠠᠪᠤᠷᠢ ᠪᠣᠯᠭᠠᠬᠤ ᠶᠢ ᠦᠨᠡᠨ ᠬᠦ ᠪᠡᠶᠡᠯᠡᠭᠦᠯᠬᠦ ᠶᠢᠨ ᠲᠥᠯᠥᠭᠡ᠂ ᠰᠤᠷᠪᠤᠯᠵᠢᠯᠠᠬᠤ | ᠳᠤᠮᠳᠠ ᠪᠠᠨ ᠨᠠᠮ ᠤᠨ ᠬᠠᠮᠤᠭ ᠤᠨ ᠰᠢᠨ᠎ᠡ ᠤᠨᠤᠯ ᠤᠨ ᠦᠷ᠎ᠡ ᠪᠦᠲᠦᠭᠡᠯ ᠢ ᠤᠬᠠᠭᠤᠯᠵᠤ᠂ ᠤᠯᠠᠨ ᠲᠦᠮᠡᠨ ᠤ | ᠰᠠᠨᠠᠯ ᠰᠠᠨᠠᠭᠤᠯᠭ᠎ᠠ ᠶᠢ ᠰᠣᠨᠣᠰᠴᠤ᠂ ᠨᠡᠶᠢᠭᠡᠮ ᠤᠨ ᠠᠩᠬᠠᠷᠤᠯ ᠳᠤ ᠬᠠᠷᠢᠭᠤ ᠥᠭᠴᠦ᠂ ᠪᠦᠳᠦᠭᠡᠨ | ᠪᠠᠶᠢᠭᠤᠯᠤᠯᠲᠠ ᠶᠢᠨ ᠦᠢᠯᠡᠴᠢᠯᠡᠭᠡᠨ ᠤ ᠲᠤᠷᠰᠢᠯᠭ᠎ᠠ ᠶᠢ ᠳ᠋ᠦᠩᠨᠡᠵᠦ᠂ ᠰᠢᠨ᠎ᠡ ᠶᠢ ᠡᠭᠦᠳᠬᠦ ᠠᠷᠭ᠎ᠠ ᠬᠢᠳᠡᠯ ᠢ | ᠠᠭᠤᠳᠠᠯᠤᠨ᠎ᠠ᠃ ᠮᠣᠳᠤᠨ ᠠᠶᠢᠯ ᠰᠢᠶᠠᠩ 2 ᠰᠠᠷ᠎ᠠ ᠶᠢᠨ 15 ᠤ ᠡᠳᠦᠷ ᠠᠴᠠ ᠡᠬᠢᠯᠡᠨ᠂ ᠪᠦᠬᠦ ᠰᠢᠶᠠᠩ ᠤᠨ | ᠬᠡᠪᠴᠢᠶᠡᠨ ᠳᠤ ︽ᠶᠡᠭᠡ ᠰᠤᠷᠪᠤᠯᠵᠢᠯᠠᠭ᠎ᠠ︾ ᠶᠢᠨ ᠲᠤᠰᠬᠠᠢ ᠠᠵᠢᠯᠯᠠᠭ᠎ᠠ ᠥᠷᠨᠢᠭᠦᠯᠵᠦ᠂ ᠲᠣᠰᠬᠤᠨ ᠢ | ᠳᠠᠭᠠᠭᠠᠴᠢᠯᠠᠭᠰᠠᠨ ᠰᠠᠯᠠᠭᠠᠨ ᠳᠡᠰ ᠤᠨ ᠬᠠᠷᠢᠭᠤᠴᠠᠯᠭᠠᠲᠠᠨ᠂ ᠲᠣᠰᠬᠤᠨ ᠢ ᠳᠠᠭᠠᠭᠠᠴᠢᠯᠠᠭᠰᠠᠨ ᠠᠵᠢᠯᠯᠠᠬᠤ ᠠᠩᠬᠢ᠂ | ᠲᠣᠰᠬᠤᠨ ᠤ ︽ᠬᠤᠶᠠᠷ ᠵᠥᠪᠯᠡᠯ︾ ᠤᠨ ᠪᠠᠭ ᠤᠨ 200 ᠭᠠᠷᠤᠢ ᠪᠦᠷᠢᠯᠳᠦᠬᠦᠨ ᠰᠤᠷᠪᠤᠯᠵᠢᠯᠠᠭ᠎ᠠ ᠳᠤ ᠣᠷᠣᠯᠴᠠᠪᠠ | ᠃ | ᠰᠤᠷᠪᠤᠯᠵᠢᠯᠠᠬᠤ ᠶᠠᠪᠤᠴᠠ ᠳᠤ ︽ᠲᠠᠪᠤ ᠶᠢ ᠵᠠᠪᠠᠯ ᠰᠤᠷᠪᠤᠯᠵᠢᠯᠠᠬᠤ︾ ᠶᠢ ᠪᠠᠷᠢᠮᠲᠠᠯᠠᠨ᠎ᠠ᠄ ᠡᠷᠬᠡᠪᠰᠢ ᠨᠤᠲᠤᠭ ᠤᠨ | ᠮᠡᠷᠭᠡᠳ᠂ ︽ ᠲᠦᠷᠦᠭᠦᠴᠦᠳ︾᠂ ᠪᠠᠶᠠᠵᠢᠯ ᠤᠨ ᠳᠠᠭᠠᠭᠤᠯᠤᠭᠴᠢ᠂ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ | ᠲᠠᠯᠠᠪᠠᠢ᠂ ᠲᠠᠷᠢᠵᠤ ᠲᠡᠵᠢᠭᠡᠬᠦ ᠲᠤᠮᠤ ᠡᠷᠦᠬᠡ ᠵᠡᠷᠭᠡ ᠶᠢ ᠰᠤᠷᠪᠤᠯᠵᠢᠯᠠᠵᠤ᠂ ᠪᠦᠬᠦ ᠰᠢᠶᠠᠩ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠰᠠᠨᠠᠯ ᠰᠠᠨᠠᠭᠤᠯᠭ᠎ᠠ ᠶᠢ ᠬᠤᠷᠢᠶᠠᠬᠤ ᠬᠡᠷᠡᠭᠲᠡᠢ︔ ᠡᠷᠬᠡᠪᠰᠢ ᠲᠣᠰᠬᠤᠨ ᠤ ᠺᠠᠳ᠋ᠷ ᠤᠨ | ᠬᠡᠷ ᠪᠦᠯᠢ ᠳᠤ ᠬᠦᠷᠴᠦ᠂ ᠲᠣᠰᠬᠤᠨ ᠤ ᠺᠠᠳ᠋ᠷ ᠲᠦᠷᠦᠭᠦᠯᠡᠨ ᠪᠠᠶᠠᠵᠢᠬᠤ᠂ ᠬᠠᠮᠲᠤ ᠨᠡᠶᠢᠲᠡ ᠶᠢ ᠳᠠᠭᠠᠭᠤᠯᠤᠨ | ᠪᠠᠶᠠᠵᠢᠬᠤ᠂ ᠣᠯᠠᠨ ᠲᠦᠮᠡᠨ ᠢ ᠳᠠᠭᠠᠭᠤᠯᠤᠨ ᠪᠠᠶᠠᠵᠢᠬᠤ ︽ᠭᠤᠷᠪᠠ ᠶᠢ ᠳᠠᠶᠢᠴᠢᠯᠠᠬᠤ︾ ᠴᠢᠳᠠᠪᠤᠷᠢ ᠶᠢ | ᠲᠤᠬᠠᠶ ᠶᠢᠨ ᠭᠠᠵᠠᠷ ᠲᠤᠨᠢ ᠣᠶᠢᠯᠠᠭᠠᠬᠤ ᠬᠡᠷᠡᠭᠲᠡᠶ︔ ᠡᠷᠬᠡᠪᠰᠢ ᠪᠠᠶᠢᠴᠠᠭᠠᠨ ᠰᠢᠯᠭᠠᠬᠤ ᠡᠷᠦᠬᠡ ᠶᠢ ᠰᠤᠷᠪᠤᠯᠵᠢᠯᠠᠵᠤ᠂ | ᠬᠡᠷ ᠪᠦᠯᠢ ᠶᠢᠨ ᠪᠠᠶᠢᠳᠠᠯ ᠢ ᠤᠶᠢᠯᠠᠭᠠᠨ᠂ ᠭᠤᠣᠯ ᠠᠰᠠᠭᠤᠳᠠᠯ ᠤᠨ ᠦᠨᠳᠦᠰᠦ ᠰᠤᠷᠪᠤᠯᠵᠢ ᠶᠢ ᠠᠳᠬᠤᠵᠤ᠂ | ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠤᠪᠴᠢᠲᠠᠢ ᠪᠠᠷ ᠬᠠᠪᠰᠤᠷᠤᠨ ᠲᠡᠳᠬᠦᠬᠦ ᠠᠵᠢᠯ ᠢ ᠥᠷᠨᠢᠭᠦᠯᠬᠦ ᠬᠡᠷᠡᠭᠲᠡᠶ︔ | ᠡᠷᠬᠡᠪᠰᠢ ︽ᠠᠷᠠᠳ ᠢᠷᠭᠡᠳ ᠤᠴᠢᠷ ᠶᠠᠪᠤᠳᠠᠯ ᠢᠶᠠᠨ ᠬᠡᠯᠡᠯᠴᠡᠬᠦ︾ ᠪᠠ 12345 ᠲᠠᠪᠴᠠᠩ ᠠᠴᠠ ᠬᠠᠨᠤᠮᠵᠢ | ᠦᠭᠡᠢ ᠡᠷᠦᠬᠡ᠂ ᠶᠠᠳᠠᠭᠤ ᠬᠦᠴᠢᠷᠳᠡᠯᠲᠡᠢ ᠭᠡᠷ ᠪᠦᠯᠢ᠂ ᠥᠨᠥᠴᠢᠨ ᠬᠡᠦᠬᠡᠳ᠂ ᠤᠶᠤᠨ ᠰᠠᠨᠠᠭᠠᠨ ᠤ ᠵᠡᠮᠳᠡᠭ ᠵᠡᠷᠭᠡ | ᠪᠠᠭᠤᠷᠠᠢ ᠬᠥᠮᠦᠰ ᠲᠤ ᠬᠠᠷᠢᠭᠤ ᠲᠤᠰᠬᠠᠵᠤ᠂ ᠲᠡᠳᠡᠨ ᠤ ᠰᠡᠳᠬᠢᠯ ᠤᠨ ᠦᠭᠡ ᠶᠢ ᠰᠣᠨᠣᠰᠴᠤ᠂ ᠲᠡᠳᠡᠨ ᠢ | ᠬᠠᠪᠰᠤᠷᠤᠨ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ︔ | ᠡᠷᠬᠡᠪᠰᠢ ᠰᠤᠷᠪᠤᠯᠵᠢᠯᠠᠬᠤ ᠵᠥᠷᠢᠴᠡᠯ ᠠᠰᠠᠭᠤᠳᠠᠯ ᠤᠯᠠᠨ ᠭᠠᠷᠤᠭᠰᠠᠨ᠂ ᠪᠠᠶᠢᠳᠠᠯ ᠪᠤᠳᠤᠯᠢᠶᠠᠨᠲᠠᠢ᠂ ᠬᠦᠰᠡᠯ | ᠱᠠᠭᠠᠷᠳᠠᠯᠭ᠎ᠠ ᠣᠨᠴᠠᠭᠠᠢ ᠴᠢᠩᠭ᠎ᠠ ᠪᠠᠶᠢᠭ᠎ᠠ ᠭᠤᠣᠯᠳᠠᠯᠭ᠎ᠠ ᠲᠠᠢ ᠲᠣᠰᠬᠤᠨ᠂ ᠭᠤᠣᠯᠳᠠᠯᠭ᠎ᠠ ᠲᠠᠢ ᠬᠥᠮᠦᠰ ᠲᠤ᠂ | ᠪᠣᠳᠠᠲᠠᠢ ᠠᠰᠠᠭᠤᠳᠠᠯ ᠢ ᠰᠢᠢᠳᠪᠦᠷᠢᠯᠡᠬᠦ ᠪᠠ ᠦᠵᠡᠯ ᠰᠠᠨᠠᠭᠠᠨ ᠤ ᠠᠰᠠᠭᠤᠳᠠᠯ ᠢ ᠰᠢᠢᠳᠪᠦᠷᠢᠯᠡᠬᠦ ᠶᠢ ᠤᠶᠠᠯᠳᠤᠭᠤᠯᠬᠤ | ᠠᠷᠭ᠎ᠠ ᠬᠡᠯᠪᠡᠷᠢ ᠶᠢ ᠠᠪᠴᠤ᠂ ᠨᠠᠮ ᠤᠨ ᠤᠨᠤᠯ ᠴᠢᠭᠯᠡᠯᠲᠡ ᠲᠦᠷᠦ ᠶᠢᠨ ᠪᠤᠳᠤᠯᠭ᠎ᠠ ᠳᠤ ᠲᠦᠰᠢᠭᠯᠡᠨ᠂ ᠠᠶᠤᠯ | ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠪᠠ ᠨᠠᠮᠳᠠᠭᠤᠯᠬᠤ ᠶᠢ ᠴᠢᠩᠭᠠᠳᠬᠠᠵᠤ᠂ | ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠠᠬᠢᠭᠤᠯᠬᠤ ᠬᠡᠷᠡᠭᠲᠡᠢ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠰᠤᠷᠪᠤᠯᠵᠢᠯᠠᠬᠤ ᠠᠵᠢᠯᠯᠠᠭ᠎ᠠ ᠨᠢ ᠪᠥᠬᠦ ᠵᠢᠯ ᠳᠤ ᠶᠠᠪᠤᠭᠳᠠᠵᠤ᠂ | ᠨᠢᠭᠡᠳᠦᠭᠡᠷ ᠡᠭᠡᠯᠵᠢ ᠶᠢᠨ ᠲᠥᠪᠯᠡᠷᠡᠩᠭᠦᠶ ᠰᠤᠷᠪᠤᠯᠵᠢᠯᠠᠭ᠎ᠠ ᠨᠢ 2 ᠰᠠᠷ᠎ᠠ ᠶᠢᠨ 28 ᠤ ᠡᠳᠦᠷ ᠠᠴᠠ ᠡᠮᠦᠨ᠎ᠡ | ᠳᠠᠭᠤᠰᠴᠠᠶ᠃ ᠲᠠᠷᠠᠭᠠᠴᠢ ᠶᠢᠨ ᠠᠯᠬᠤᠮ ᠳᠤ᠂ ᠬᠥᠳᠡᠭᠡ ᠲᠣᠰᠬᠤᠨ ᠤ ᠬᠤᠶᠠᠷ ᠱᠠᠲᠤᠨ ᠤ ᠬᠢᠨ ᠲᠤᠰᠬᠠᠶ | ᠰᠡᠳᠦᠪ ᠢᠶᠠᠷ ᠬᠤᠷᠠᠯ ᠬᠤᠷᠠᠯᠳᠤᠭᠤᠯᠵᠤ᠂ ᠰᠤᠷᠪᠤᠯᠵᠢᠯᠠᠭᠰᠠᠨ ᠠᠮᠵᠢᠯᠲᠠ ᠲᠠᠢ ᠲᠤᠷᠰᠢᠯᠭ᠎ᠠ ᠶᠢ ᠰᠣᠨᠣᠰᠴᠤ᠂ | ᠰᠤᠳᠤᠯᠤᠨ ᠮᠠᠭᠠᠳᠯᠠᠵᠤ᠂ ᠳ᠋ᠦᠩᠨᠡᠵᠦ᠂ ᠰᠤᠷᠪᠤᠯᠵᠢᠯᠠᠭᠰᠠᠨ ᠠᠴᠠ ᠣᠯᠵᠤ ᠮᠡᠳᠡᠭᠰᠡᠨ ᠠᠰᠠᠭᠤᠳᠠᠯ ᠢ ᠰᠤᠳᠤᠯᠤᠨ | ᠰᠢᠢᠳᠪᠦᠷᠢᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠢ ᠠᠬᠢᠭᠤᠯᠬᠤ ᠳᠤ ᠦᠨᠳᠦᠰᠦᠯᠡᠯ ᠬᠠᠩᠭᠠᠬᠤ | ᠪᠣᠯᠤᠨ᠎ᠠ᠃ | |