ᠰᠠᠯᠪᠤᠷᠢ ᠰᠢᠶᠠᠩ ᠤᠨ ︽ᠲᠦᠷᠪᠡᠨ ᠬᠦᠴᠦᠨ ᠢ ᠵᠡᠷᠭᠡᠪᠡᠷ ᠬᠥᠭᠵᠢᠭᠦᠯᠬᠦ︾ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ
ᠨᠡᠶᠢᠲᠡᠯᠡᠭᠰᠡᠨ ᠴᠠᠭ᠄
2023/2/24
     ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ︽ᠦᠵᠡᠯ ᠰᠠᠨᠠᠭ᠎ᠠ︾ ᠶᠢᠨ ᠲᠠᠯ᠎ᠠ ᠪᠠᠷ ᠬᠦᠴᠦᠨ ᠢᠶᠠᠨ  ᠬᠤᠷᠠᠮᠳᠤᠭᠤᠯᠪᠠ᠃ ᠰᠠᠯᠪᠤᠷᠢ ᠰᠢᠶᠠᠩ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ  ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠶᠡᠷᠦᠩᠬᠡᠶᠢᠯᠡᠨ ᠵᠠᠰᠠᠬᠤ ᠠᠯᠪᠠᠨ ᠭᠡᠷ᠂ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ᠂ ᠠᠷᠠᠳ ᠤᠨ ᠶᠠᠪᠤᠳᠠᠯ ᠤᠨ ᠭᠠᠵᠠᠷ ᠵᠡᠷᠭᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠢᠶᠠᠷ ᠪᠦᠷᠢᠯᠳᠦᠭᠰᠡᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠰᠠᠭᠤᠳᠠᠯ ᠲᠤᠯᠭᠠᠷᠠᠪᠠᠯ ᠲᠡᠷᠡ ᠳᠠᠷᠤᠢ ᠳᠤᠨᠢ ᠬᠠᠷᠢᠭᠤ ᠲᠤᠰᠬᠠᠬᠤ ᠶᠢᠨ ᠬᠠᠮᠲᠤ ᠰᠢᠢᠳᠪᠦᠷᠢᠯᠡᠪᠡ᠃ ᠠᠵᠢᠯ ᠢ ᠨᠠᠷᠢᠨ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠲᠤᠪᠤᠶᠢᠮ᠎ᠠ ᠵᠥᠷᠢᠴᠡᠯ ᠢ ᠰᠢᠢᠳᠪᠦᠷᠢᠯᠡᠬᠦ ᠠᠰᠠᠭᠤᠳᠠᠯ ᠢ ᠲᠥᠪᠯᠡᠷᠡᠭᠦᠯᠦᠨ ᠰᠤᠳᠤᠯᠤᠨ ᠶᠠᠷᠢᠯᠴᠠᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠪᠦᠬᠦ ᠲᠠᠯ᠎ᠠ ᠪᠠᠷ ᠨᠠᠷᠢᠯᠢᠭ ᠪᠠᠶᠢᠷᠢᠯᠠᠭᠤᠯᠬᠤ ᠶᠢᠨ ᠬᠠᠮᠲᠤ ᠡᠯ᠎ᠡ ᠲᠣᠰᠬᠤᠨ ᠳᠤ ᠲᠤᠰᠬᠠᠢ ᠬᠥᠮᠦᠨ ᠢᠶᠠᠷ ᠬᠠᠷᠢᠭᠤᠴᠠᠭᠤᠯᠬᠤ ᠶᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠤᠨ ᠴᠢᠭᠯᠡᠯ ᠲᠠᠢ᠂ ᠨᠠᠶᠢᠳᠠᠪᠤᠷᠢᠵᠢᠭᠤᠯᠤᠯᠲᠠ ᠶᠢ ᠪᠠᠲᠤᠯᠠᠭ᠎ᠠ ᠲᠠᠢ ᠪᠠᠶᠢᠯᠭᠠᠬᠤ ᠶᠢ  ᠪᠠᠲᠤᠯᠠᠪᠠ᠃    ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ︽ᠰᠡᠷᠭᠡᠶᠢᠯᠡᠬᠦ︾ ᠲᠠᠯ᠎ᠠ ᠪᠠᠷ ᠬᠦᠴᠦᠨ ᠢᠶᠠᠨ ᠲᠦᠪᠯᠡᠷᠡᠭᠦᠯᠪᠡ᠃  ᠰᠠᠯᠪᠤᠷᠢ ᠰᠢᠶᠠᠩ ᠤᠯᠠᠨ ᠲᠦᠮᠡᠨ ᠤ ᠬᠠᠤᠯᠢᠵᠢᠯ ᠤᠨ ᠤᠬᠠᠮᠰᠠᠷ ᠢ ᠴᠢᠩᠭᠠᠳᠬᠠᠬᠤ ᠶᠢ ᠵᠥᠷᠢᠴᠡᠯ ᠵᠠᠭᠤᠷᠠᠯᠳᠤᠭᠠᠨ ᠢ ᠰᠡᠷᠭᠡᠶᠢᠯᠡᠬᠦ ᠵᠠᠩᠭᠢᠯᠠᠭ᠎ᠠ ᠶᠢᠨ ᠭᠤᠭᠴᠤᠭ᠎ᠠ ᠪᠣᠯᠭᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠢ ᠤᠬᠠᠭᠤᠯᠵᠤ᠂ ᠬᠠᠤᠯᠢ ᠶᠢ ᠰᠤᠷᠤᠯᠴᠠᠵᠤ ᠬᠠᠤᠯᠢ ᠶᠢ ᠰᠠᠬᠢᠬᠤ᠂ ᠥᠭᠡᠳᠡᠯᠡᠨ ᠲᠠᠪᠰᠢᠬᠤ ᠨᠡᠶᠢᠭᠡᠮ ᠤᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠪᠠ᠃ ᠨᠢᠭᠡ ᠲᠠᠯ᠎ᠠ ᠪᠠᠷ ᠨᠠᠮ ᠤᠨ ᠭᠡᠰᠢᠭᠦᠨ ᠺᠠᠳ᠋ᠷ ᠲᠣᠰᠬᠤᠨ ᠳᠤ ᠬᠦᠷᠴᠦ ᠡᠷᠦᠭᠡ ᠳᠤ ᠣᠷᠣᠬᠤ ᠳᠠᠭᠠᠨ᠂ ᠬᠡᠯᠪᠡᠷᠢ ᠳᠤ ᠪᠠᠷᠢᠭᠳᠠᠯ ᠦᠭᠡᠢ ᠪᠠᠷ ᠤᠯᠠᠨ ᠲᠦᠮᠡᠨ ᠳᠤ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠬᠦ ᠶᠢᠨ ᠬᠠᠮᠲᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠬᠠᠤᠯᠢ ᠶᠣᠰᠣᠨ ᠤ ᠠᠷᠭ᠎ᠠ ᠪᠠᠷᠢᠯ ᠢᠶᠠᠷ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠭᠤᠯᠪᠠ︔ ᠨᠦᠬᠦᠭᠡ ᠲᠠᠯ᠎ᠠ ᠪᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠶᠣᠰᠣᠭᠠᠷ ᠴᠣᠬᠢᠯᠲᠠ ᠥᠭᠭᠦᠭᠰᠡᠨ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠦᠷᠭᠦᠯᠵᠢᠯᠡᠨ ᠤᠬᠠᠭᠤᠯᠵᠤ᠂ ᠬᠠᠤᠯᠢ ᠴᠠᠭᠠᠵᠠ ᠶᠢᠨ ᠰᠦᠷᠳᠡᠭᠦᠯᠬᠦ ᠬᠦᠴᠦᠨ ᠢ ᠴᠢᠩᠭᠠᠷᠠᠭᠤᠯᠵᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠵᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ︾ ᠬᠠᠤᠯᠢ ᠪᠠᠷ ᠵᠠᠰᠠᠬᠤ ᠤᠬᠠᠮᠰᠠᠷ ᠢ ᠪᠤᠢ ᠪᠣᠯᠭᠠᠵᠤ᠂ ᠵᠥᠷᠢᠴᠡᠯ ᠵᠢᠭᠤᠷᠠᠯᠳᠤᠭᠠᠨ ᠡᠭᠦᠰᠬᠦ ᠶᠢ ᠡᠬᠢ ᠰᠤᠷᠪᠤᠯᠵᠢ ᠠᠴᠠ ᠨᠢ ᠪᠠᠭᠠᠰᠬᠠᠪᠠ᠃    ᠵᠢᠭᠰᠠᠭᠠᠨ ᠪᠠᠶᠢᠴᠠᠭᠠᠵᠤ ᠴᠤᠭᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠯᠪᠣᠭᠠᠯᠠᠨ ᠬᠥᠳᠡᠯᠦᠯᠴᠡᠬᠦ︾ ᠳᠡᠭᠡᠷ᠎ᠡ ᠬᠦᠴᠦᠨ  ᠨᠡᠮᠡᠷᠢᠯᠡᠪᠡ᠃  ᠰᠠᠯᠪᠤᠷᠢ ᠰᠢᠶᠠᠩ ᠤᠨ ᠬᠢᠨ ᠵᠥᠷᠢᠴᠡᠯ ᠵᠢᠭᠤᠷᠠᠯᠳᠤᠭᠠᠨ ᠢ ︽ᠭᠠᠷᠠᠭ ᠤᠨ ᠪᠠᠶᠢᠴᠠᠭᠠᠯᠲᠠ᠂  ᠲᠡᠭ ᠮᠡᠳᠡᠭᠦᠯᠦᠯᠲᠡ︾ ᠶᠢᠨ ᠳᠦᠷᠢᠮ ᠢ ᠪᠠᠷᠢᠮᠲᠠᠯᠠᠵᠤ᠂ ᠤᠯᠠᠨ ᠠᠷᠭ᠎ᠠ  ᠬᠡᠮᠵᠢᠶ᠎ᠡ  ᠪᠠᠷ᠂ ᠪᠦᠬᠦ ᠲᠠᠯ᠎ᠠ ᠪᠠᠷ ᠪᠠᠶᠢᠴᠠᠭᠠᠨ ᠢᠯᠡᠷᠡᠭᠦᠯᠬᠦ ᠠᠵᠢᠯ ᠢ ᠥᠷᠨᠢᠭᠦᠯᠵᠡᠢ᠃ ᠨᠢᠭᠡ ᠲᠠᠯ᠎ᠠ ᠪᠠᠷ ᠲᠤᠤᠷᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠳᠤ ᠲᠦᠰᠢᠭᠯᠡᠨ᠂ ᠵᠥᠷᠢᠴᠡᠯ ᠵᠠᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠴᠤᠭᠯᠠᠭᠤᠯᠬᠤ ᠶᠢ ᠲᠤᠤᠷᠴᠢᠯᠠᠭᠴᠢ ᠶᠢᠨ ᠭᠤᠣᠯᠳᠠᠯᠭ᠎ᠠ ᠲᠠᠢ ᠠᠵᠢᠯ ᠤᠨ ᠠᠭᠤᠯᠭ᠎ᠠ ᠪᠣᠯᠭᠠᠵᠤ᠂ ᠵᠥᠷᠢᠴᠡᠯ ᠵᠠᠭᠤᠷᠠᠯᠳᠤᠭᠠᠨ ᠤ ︽ᠵᠢᠭᠰᠠᠭᠠᠨ ᠪᠠᠶᠢᠴᠠᠭᠠᠬᠤ ᠲᠣᠣᠷ︾ ᠢ ᠨᠢᠭᠲᠠ ᠰᠦᠯᠵᠢᠪᠡ︔ ᠨᠥᠭᠦᠭᠡ ᠲᠠᠯ᠎ᠠ ᠪᠠᠷ ᠰᠤᠷᠪᠤᠯᠵᠢᠯᠠᠬᠤ ᠠᠵᠢᠯᠯᠠᠭ᠎ᠠ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠵᠢᠴᠢ ᠣᠶᠤᠲᠠᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠤᠨ ᠠᠶᠢᠯ ᠲᠣᠰᠬᠤᠨ ᠳᠤ ᠣᠴᠢᠭᠤᠯᠤᠨ ᠰᠤᠷᠪᠤᠯᠵᠢᠯᠠᠭᠤᠯᠵᠤ᠂ ᠤᠯᠠᠨ ᠲᠦᠮᠡᠨ ᠲᠠᠢ ᠬᠦᠯᠢᠴᠡᠩᠭᠦᠢ ᠪᠠᠷ ᠰᠣᠯᠢᠯᠴᠠᠵᠤ᠂ ᠵᠠᠭᠤᠷᠠᠯᠳᠤᠭᠠᠨ ᠤ ᠬᠠᠨᠳᠤᠰᠢ ᠪᠠ ᠵᠥᠷᠢᠴᠡᠯ ᠤᠨ ᠲᠥᠪᠯᠡᠷᠡᠯ ᠤᠨ ᠴᠡᠭ ᠢ ᠨᠢᠭᠲᠠ ᠠᠩᠬᠠᠷᠴᠤ᠂ ᠡᠵᠡᠮᠰᠢᠵᠦ ᠪᠠᠶᠢᠭ᠎ᠠ ᠬᠥᠷᠰᠢ ᠵᠡᠷᠭᠡᠯᠡᠳᠡᠭᠡ ᠶᠢᠨ ᠬᠠᠷᠢᠴᠠᠭ᠎ᠠ᠂ ᠤᠷᠤᠭ ᠭᠡᠷ ᠪᠦᠯᠢ᠂ ᠭᠡᠷ ᠪᠠᠶᠢᠰᠢᠩ ᠣᠷᠣᠨ ᠰᠠᠭᠤᠴᠠ ᠶᠢᠨ ᠭᠠᠵᠠᠷ᠂ ᠣᠶᠣᠨ ᠮᠡᠳᠡᠷᠡᠯ ᠤᠨ ᠰᠠᠭᠠᠳ ᠲᠠᠢ ᠡᠪᠡᠳᠴᠢᠲᠡᠨ ᠵᠡᠷᠭᠡ ᠲᠠᠯ᠎ᠠ ᠶᠢᠨ ᠠᠮᠤᠷ ᠲᠦᠪᠰᠢᠨ ᠤ ᠳᠠᠯᠳᠠ ᠭᠡᠮ ᠪᠠ ᠵᠥᠷᠢᠴᠡᠯ ᠵᠠᠭᠤᠷᠠᠯᠳᠤᠭᠠᠨ ᠢ ᠭᠦᠨᠵᠡᠭᠡᠢ ᠣᠶᠢᠯᠠᠭᠠᠵᠤ᠂ ᠡᠷᠲᠡ ᠠᠴᠠ ᠢᠯᠡᠷᠡᠭᠦᠯᠵᠦ᠂ ᠡᠷᠲᠡ ᠠᠴᠠ ᠲᠣᠭᠲᠠᠪᠤᠷᠢᠲᠠᠢ ᠡᠵᠡᠮᠳᠡᠵᠦ᠂ ᠲᠦᠷᠭᠡᠨ ᠡᠶᠡᠳᠡᠭᠦᠯᠬᠦ ᠶᠢ ᠪᠡᠶᠡᠯᠡᠭᠦᠯᠪᠡ᠃    ᠡᠶᠡᠳᠡᠭᠦᠯᠦᠨ ᠰᠢᠢᠳᠪᠦᠷᠢᠯᠡᠬᠦ ᠶᠢ ᠠᠬᠢᠭᠤᠯᠵᠤ᠂ ︽ᠪᠣᠳᠠᠲᠤ ᠦᠷ᠎ᠡ ᠪᠦᠲᠦᠮᠵᠢ︾ ᠶᠢᠨ ᠲᠠᠯ᠎ᠠ ᠪᠠᠷ  ᠬᠦᠴᠦᠯᠡᠪᠡ᠃ ᠨᠡᠶᠢᠭᠡᠮ ᠤᠨ ᠵᠥᠷᠢᠴᠡᠯ ᠤᠨ ᠠᠶᠤᠯ ᠲᠦᠭᠰᠢᠭᠦᠷᠢ ᠶᠢ ᠪᠦᠲᠦᠮᠵᠢᠲᠡᠢ ᠠᠷᠢᠯᠭᠠᠬᠤ ᠶᠢᠨ ᠲᠥᠯᠥᠭᠡ᠂ ᠰᠠᠯᠪᠤᠷᠢ ᠰᠢᠶᠠᠩ ᠡᠶᠡᠳᠡᠭᠦᠯᠬᠦ ᠵᠣᠬᠢᠶᠠᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠶᠡᠳᠡᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠡᠶᠡᠳᠡᠭᠦᠯᠬᠦ ᠬᠦᠴᠦᠨ ᠢᠶᠠᠨ ᠴᠢᠩᠭᠠᠳᠬᠠᠪᠠ᠃ ᠵᠢᠭᠰᠠᠭᠠᠨ ᠪᠠᠶᠢᠴᠠᠭᠠᠵᠤ ᠭᠠᠷᠭᠠᠭᠰᠠᠨ ᠵᠥᠷᠢᠴᠡᠯ ᠵᠢᠭᠤᠷᠠᠯᠳᠤᠭᠠᠨ ᠳᠤ ᠴᠢᠭᠯᠡᠭᠦᠯᠦᠨ᠂ ︽ᠤᠷᠢᠳᠴᠢᠯᠠᠨ ᠰᠡᠷᠡᠮᠵᠢᠯᠡᠭᠦᠯᠬᠦ᠂ ᠴᠠᠭ ᠲᠤᠬᠠᠶ ᠳᠤᠨᠢ  ᠰᠢᠢᠳᠪᠦᠷᠢᠯᠡᠬᠦ᠂ ᠲᠤᠬᠠᠶ ᠶᠢᠨ ᠭᠠᠵᠠᠷ ᠲᠤᠨᠢ ᠠᠷᠢᠯᠭᠠᠬᠤ︾ ᠵᠠᠷᠴᠢᠮ  ᠤᠨ ᠶᠣᠰᠣᠭᠠᠷ᠂ ᠠᠷᠢᠯᠭᠠᠬᠤ ᠠᠵᠢᠯ  ᠢ ᠢᠳᠡᠪᠬᠢᠲᠡᠶ ᠪᠥᠭᠡᠳ ᠬᠢᠨᠠᠮᠠᠭᠠᠶ ᠦᠷᠨᠢᠭᠦᠯᠪᠡ᠃ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ ᠶᠢᠨ ᠬᠦᠴᠢᠷ ᠬᠢᠯᠪᠠᠷ ᠤᠨ ᠬᠡᠮᠵᠢᠶ᠎ᠡ ᠶᠢ ᠦᠨᠳᠦᠰᠦᠯᠡᠨ ᠲᠡᠰ ᠬᠤᠪᠢᠶᠠᠵᠤ᠂ ᠰᠢᠶᠠᠩ ᠲᠣᠰᠬᠤᠨ ᠤ ᠪᠠᠶᠢᠳᠠᠯ ᠢ ᠨᠠᠮᠳᠠᠭᠤᠯᠬᠤ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠵᠡᠷᠭᠡ ᠠᠷᠭ᠎ᠠ ᠮᠠᠶ᠋ᠢᠭ ᠢ ᠬᠠᠨᠳᠤᠯᠭᠠᠲᠤ ᠴᠢᠨᠠᠷᠲᠠᠶ ᠪᠠᠷ ᠠᠰᠢᠭᠯᠠᠵᠤ᠂ ᠤᠯᠠᠨ ᠡᠰᠢᠴᠢᠯᠡᠭᠰᠡᠨ ᠡᠶᠡᠳᠡᠭᠦᠯᠭᠡ ᠶᠢᠨ ᠪᠠᠶᠢᠷᠢᠰᠢᠯ ᠢ ᠪᠤᠢ ᠪᠣᠯᠭᠠᠵᠤ᠂ ︽ᠪᠠᠶᠢᠳᠠᠯ︾᠂ ︽ᠬᠠᠤᠯᠢ︾ ᠶᠢ ᠵᠡᠷᠭᠡ ᠪᠠᠷ ᠬᠡᠷᠡᠭᠵᠢᠭᠦᠯᠦᠨ ᠵᠡᠷᠭᠡ ᠪᠠᠷ ᠬᠡᠷᠡᠭᠯᠡᠬᠦ ᠶᠢ ᠴᠢᠬᠤᠯᠠᠴᠢᠯᠠᠵᠤ ᠂ ᠵᠥᠷᠢᠴᠡᠯ ᠵᠢᠭᠤᠷᠠᠯᠳᠤᠭᠠᠨ ᠢ  ᠬᠠᠮᠲᠤ  ᠪᠠᠶᠢᠴᠠᠭᠠᠵᠤ᠂  ᠬᠠᠮᠲᠤ ᠨᠠᠮᠳᠠᠭᠤᠯᠬᠤ ᠶᠢ ᠦᠨᠡᠨ ᠬᠦ ᠲᠦᠯᠬᠢᠨ  ᠠᠬᠢᠭᠤᠯᠪᠠ᠃ ᠣᠳᠣᠬᠠᠨ ᠪᠣᠯᠲᠠᠯ᠎ᠠ᠂ ᠨᠡᠶᠢᠲᠡ 15 ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ᠂ 15 ᠬᠡᠷᠡᠭ ᠢ  ᠰᠢᠢᠳᠪᠦᠷᠢᠯᠡᠨ᠂ ᠣᠯᠠᠨ ᠲᠦᠮᠡᠨ ᠤ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠰᠢᠢᠳᠪᠦᠷᠢᠯᠡᠵᠦ᠂ ᠨᠡᠶᠢᠭᠡᠮ ᠤᠨ ᠲᠣᠭᠲᠠᠭᠤᠨ ᠴᠢᠨᠠᠷ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠭᠰᠠᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号