ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠠᠤᠬᠠᠨ ᠬᠤᠰᠢᠭᠤᠨ ᠤ ᠡᠮᠨᠡᠯᠭᠡ ᠶᠢᠨ ᠬᠤᠷᠢᠶᠠᠨ ᠳᠤ ᠡᠮᠴᠢᠯᠡᠭᠡᠨ ᠤ ᠲᠥᠬᠦᠭᠡᠷᠦᠮᠵᠢ ᠬᠠᠨᠳᠢᠪᠯᠠᠪᠠ
ᠨᠡᠶᠢᠲᠡᠯᠡᠭᠰᠡᠨ ᠴᠠᠭ᠄
2023/2/27
   2  ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠾᠧ ᠱᠧᠩ ᠶᠤᠸᠠᠨ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠤᠯ ᠤᠨ  ᠲᠦᠸᠧ ᠭᠤᠸᠠᠨ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠬᠤᠰᠢᠭᠤᠨ ᠤ ᠡᠮᠨᠡᠯᠭᠡ ᠶᠢᠨ ᠬᠤᠷᠢᠶ᠎ᠠ ᠳᠤ ᠬᠠᠨᠳᠤᠯᠭ᠎ᠠ ᠲᠠᠢ ᠪᠠᠷ ᠰᠢᠯᠭᠠᠨ ᠪᠠᠶᠢᠴᠠᠭᠠᠬᠤ ᠲᠥᠬᠦᠭᠡᠷᠦᠮᠵᠢ ᠬᠠᠨᠳᠢᠪᠯᠠᠬᠤ ᠶᠣᠰᠣᠯᠠᠯ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ  ᠶᠠᠪᠤᠭᠳᠠᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠰᠢᠤ ᠬᠤᠸᠠ ᠶᠣᠰᠣᠯᠠᠯ ᠳᠤ ᠣᠷᠣᠯᠴᠠᠪᠠ᠃
   ᠬᠠᠨᠳᠢᠪᠯᠠᠨ ᠬᠦᠷᠭᠡᠬᠦ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠾᠧ ᠱᠧᠩ ᠶᠤᠸᠠᠨ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠤᠯ ᠤᠨ  ᠲᠦᠸᠧ ᠭᠤᠸᠠᠨ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢᠶᠠᠷ ᠳᠠᠮᠵᠢᠭᠤᠯᠤᠨ ᠲᠣᠰ ᠲᠣᠰ ᠬᠤᠰᠢᠭᠤᠨ ᠤ ᠡᠮᠨᠡᠯᠭᠡ ᠶᠢᠨ ᠬᠤᠷᠢᠶ᠎ᠠ ᠳᠤ 310 ᠲᠦᠮᠡᠨ ᠲᠥᠭᠦᠷᠢᠭ ᠤᠨ ᠥᠷᠲᠡᠭ ᠪᠥᠬᠦᠶ ᠡᠮᠴᠢᠯᠡᠭᠡᠨ ᠤ ᠰᠢᠯᠭᠠᠨ ᠪᠠᠶᠢᠴᠠᠭᠠᠬᠤ ᠲᠥᠬᠦᠭᠡᠷᠦᠮᠵᠢ ᠪᠣᠯᠤᠨ 410 ᠲᠦᠮᠡᠨ ᠲᠥᠭᠦᠷᠢᠭ ᠤᠨ ᠡᠮᠴᠢᠯᠡᠭᠡᠨ ᠤ ᠰᠢᠯᠭᠠᠨ ᠪᠠᠶᠢᠴᠠᠭᠠᠬᠤ ᠲᠥᠬᠦᠭᠡᠷᠦᠮᠵᠢ ᠶᠢ ᠬᠠᠨᠳᠤᠯᠭ᠎ᠠ ᠲᠠᠢ ᠪᠠᠷ ᠬᠠᠨᠳᠢᠪᠯᠠᠵᠤ᠂ ᠡᠮᠨᠡᠯᠭᠡ ᠶᠢᠨ ᠬᠤᠷᠢᠶ᠎ᠠ ᠶᠢᠨ ᠰᠠᠯᠠᠭ᠎ᠠ ᠲᠠᠰᠤᠭ ᠤᠨ ᠪᠥᠲᠥᠭᠡᠨ ᠪᠠᠶᠢᠭᠤᠯᠤᠯᠲᠠ ᠶᠢ ᠳᠡᠮᠵᠢᠪᠡ᠃    ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠬᠠᠷᠢᠭᠤᠴᠠᠯᠭᠠᠲᠠᠨ ᠬᠤᠰᠢᠭᠤᠨ ᠤ ᠡᠮᠨᠡᠯᠭᠡ ᠶᠢᠨ ᠬᠤᠷᠢᠶ᠎ᠠ ᠶᠢ ᠲᠥᠯᠥᠭᠡᠯᠡᠨ ᠬᠠᠨᠳᠢᠪ ᠢ ᠭᠥᠯᠢᠶᠡᠨ ᠠᠪᠴᠤ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠬᠠᠨᠳᠢᠪ ᠲᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠮᠴᠢᠯᠡᠭᠡᠨ ᠤ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠳᠤ ᠨᠠᠩ ᠰᠠᠶᠢᠨ ᠡᠮᠴᠢᠯᠡᠭᠡᠨ ᠤ  ᠦᠢᠯᠡᠴᠢᠯᠡᠭᠡ ᠪᠠ ᠡᠮᠴᠢᠯᠡᠭᠡᠨ ᠤ ᠣᠷᠴᠢᠨ ᠲᠣᠭᠤᠷᠢᠨ ᠢ ᠬᠠᠩᠭᠠᠨ᠎ᠠ ᠭᠡᠵᠦ ᠢᠯᠡᠷᠬᠡᠶᠢᠯᠡᠪᠡ᠃   ᠬᠠᠨᠳᠢᠪᠯᠠᠨ ᠬᠦᠷᠭᠡᠬᠦ ᠶᠣᠰᠣᠯᠠᠯ ᠳᠡᠭᠡᠷ᠎ᠡ᠂ ᠯᠢ ᠰᠢᠤ ᠬᠤᠸᠠ ᠣᠯᠠᠨ ᠵᠢᠯ ᠤᠨ ᠲᠤᠷᠰᠢ ᠠᠤᠬᠠᠨ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠪᠣᠯᠤᠨ ᠡᠯ᠎ᠡ ᠱᠠᠲᠤᠨ ᠤ ᠡᠯ᠎ᠡ ᠡᠲᠡᠭᠡᠳ ᠤᠨ ᠬᠥᠮᠦᠰ ᠲᠤ ᠲᠠᠯᠠᠷᠬᠠᠯ ᠢᠶᠠᠨ ᠢᠯᠡᠳᠬᠡᠪᠡ᠃ ᠡᠯ᠎ᠡ ᠲᠠᠯ᠎ᠠ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠡᠷᠡᠭᠦᠯ ᠬᠠᠮᠠᠭᠠᠯᠠᠯ ᠤᠨ ᠦᠢᠯᠡᠰ ᠢ ᠴᠢᠬᠤᠯᠠᠴᠢᠯᠠᠵᠤ᠂ ᠡᠷᠡᠭᠦᠯ ᠬᠠᠮᠠᠭᠠᠯᠠᠯ ᠤᠨ  ᠦᠢᠯᠡᠰ ᠢ ᠳᠡᠮᠵᠢᠵᠦ᠂ ᠠᠤᠬᠠᠨ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ  ᠦᠢᠯᠡᠰ  ᠤᠨ ᠳᠠᠬᠢᠨ ᠰᠢᠨ᠎ᠡ ᠳᠡᠭᠲᠡᠷ ᠲᠤ ᠭᠠᠷᠴᠤ᠂ ᠰᠢᠨ᠎ᠡ ᠠᠶᠠᠨ ᠳᠤ ᠭᠠᠷᠬᠤ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号