ᠸᠠᠩ ᠶᠦᠩ ᠵᠢᠶᠦ᠋ᠨ ᠪᠦᠯᠬᠦᠮ ᠳᠠᠭᠠᠭᠤᠯᠤᠨ ᠪᠡᠭᠡᠵᠢᠩ ᠬᠤᠳᠠ ᠪᠣᠯᠤᠨ ᠵᠢᠶᠠᠰᠢᠩ ᠬᠤᠳᠠ ᠳᠤ ᠬᠦᠷᠴᠦ ᠠᠷᠠᠯᠵᠢᠶᠠᠴᠢᠨ ᠤᠷᠢᠵᠤ ᠪᠡᠯᠡ  ᠲᠠᠲᠠᠪᠠ
ᠨᠡᠶᠢᠲᠡᠯᠡᠭᠰᠡᠨ ᠴᠠᠭ᠄
2023/2/27
   2 ᠰᠠᠷ᠎ᠠ ᠶᠢᠨ 22 ᠠᠴᠠ 23 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠪᠦᠯᠬᠦᠮ ᠳᠠᠭᠠᠭᠤᠯᠤᠨ ᠵᠧᠵᠢᠶᠠᠩ ᠮᠤᠵᠢ ᠶᠢᠨ ᠵᠢᠶᠠᠰᠢᠩ ᠬᠤᠲᠠ ᠪᠣᠯᠤᠨ ᠪᠡᠭᠡᠵᠢᠩ ᠬᠤᠲᠠ ᠳᠤ ᠬᠦᠷᠴᠦ  ᠠᠷᠠᠯᠵᠢᠶᠠᠴᠢᠨ ᠤᠷᠢᠵᠤ ᠪᠠᠯᠠ ᠲᠠᠲᠠᠬᠤ  ᠂ ᠲᠥᠷᠥᠯ  ᠵᠦᠢᠯ ᠢ ᠨᠠᠶᠢᠳᠠᠪᠤᠷᠢᠵᠢᠭᠤᠯᠬᠤ᠂ ᠬᠠᠮᠲᠤᠷᠠᠯᠴᠠᠭ᠎ᠠ ᠪᠠᠨ ᠥᠷᠭᠡᠳᠬᠡᠬᠦ ᠵᠡᠷᠭᠡ ᠶᠢᠨ ᠲᠣᠭᠤᠷᠢᠨ ᠳᠤ ᠣᠯᠠᠨ ᠠᠵᠤ ᠠᠬᠤᠶᠢᠯᠠᠯ ᠲᠠᠢ ᠵᠣᠯᠭᠠᠭᠤᠯᠤᠨ ᠵᠥᠪᠳᠡᠯᠴᠡᠪᠡ᠃    22 ᠤᠨ ᠡᠳᠦᠷ᠂ ᠵᠧᠵᠢᠶᠠᠩ ᠮᠤᠵᠢ ᠶᠢᠨ ᠵᠢᠶᠠᠰᠢᠩ ᠬᠤᠳᠠ ᠶᠢᠨ ᠹᠦᠯᠠᠶᠢᠲᠧ ᠰᠢᠯ ᠤᠨ ᠪᠦᠯᠦᠭᠯᠡᠯ ᠳᠤ ᠰᠢᠨᠵᠢᠯᠡᠨ ᠪᠠᠶᠢᠴᠠᠭᠠᠬᠤ ᠳᠠᠭᠠᠨ᠂ ᠸᠠᠩ ᠶᠦᠩ ᠵᠢᠶᠦ᠋ᠨ ᠨᠡᠷ ᠦᠢᠯᠡᠳᠪᠦᠷᠢᠯᠡᠯ ᠤᠨ ᠳᠠᠰᠤᠭ ᠲᠤ ᠭᠦᠨᠵᠡᠭᠡᠶᠢᠷᠡᠨ ᠦᠢᠯᠡᠳᠪᠦᠷᠢᠯᠡᠯ ᠤᠨ ᠶᠠᠪᠤᠴᠠ᠂ ᠦᠢᠯᠡᠳᠪᠦᠷᠢᠯᠡᠯ ᠤᠨ ᠤᠷᠠᠯᠠᠯ᠂ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠵᠢᠴᠢ ᠵᠠᠬ᠎ᠠ ᠳᠡᠯᠭᠡᠭᠦᠷ ᠤᠨ ᠬᠡᠷᠡᠭᠴᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ ᠹᠦᠯᠠᠶᠢᠲᠧ ᠺᠣᠮᠫᠠᠨᠢ ᠶᠢᠨ ᠬᠠᠷᠢᠭᠤᠴᠠᠯᠭᠠᠲᠠᠨ ᠲᠠᠢ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠡᠬᠢ ᠪᠠᠶᠠᠯᠢᠭ ᠤᠨ ᠨᠥᠭᠡᠴᠡᠯᠡᠯ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠲᠠᠲᠠᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠵᠡᠷᠭᠡ ᠶᠢᠨ ᠲᠣᠭᠤᠷᠢᠨ ᠳᠤ ᠭᠦᠨᠵᠡᠭᠡᠢ ᠰᠣᠯᠢᠯᠴᠠᠵᠤ᠂ ᠪᠣᠳᠠᠲᠠᠢ ᠬᠠᠮᠲᠤᠷᠠᠯᠴᠠᠭᠠᠨ ᠤ ᠲᠦᠷᠦᠯ ᠵᠦᠢᠯ ᠤᠨ ᠲᠠᠯ᠎ᠠ ᠪᠠᠷ ᠬᠠᠮᠲᠤᠷᠠᠯᠴᠠᠭᠠᠨ ᠤ ᠰᠠᠨᠠᠮᠵᠢ ᠲᠠᠢ  ᠪᠣᠯᠪᠠ᠃
   23 ᠤ ᠡᠳᠦᠷ ᠤᠨ ᠦᠳᠡ ᠶᠢᠨ ᠡᠮᠦᠨ᠎ᠡ᠂ ᠪᠡᠭᠡᠵᠢᠩ ᠬᠤᠲᠠ ᠶᠢᠨ  ᠪᠧᠨ ᠶᠤᠸᠠᠨ ᠱᠢ ᠳ᠋ᠠᠢ ᠬᠢᠵᠠᠭᠠᠷᠲᠤ ᠺᠣᠮᠫᠠᠨᠢ ᠳᠤ ᠰᠢᠨᠵᠢᠯᠡᠨ ᠪᠠᠶᠢᠴᠠᠭᠠᠬᠤ ᠳᠠᠭᠠᠨ᠂ ᠸᠠᠩ ᠶᠦᠩ ᠵᠢᠶᠦ᠋ᠨ ᠨᠡᠷ ᠪᠧᠨ ᠶᠤᠸᠠᠨ ᠱᠢ ᠳ᠋ᠠᠢ  ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠤᠢ ᠵᠢᠶᠠᠨ ᠲᠠᠢ ᠠᠤᠬᠠᠨ ᠬᠤᠰᠢᠭᠤᠨ ᠤ ᠪᠣᠬᠢᠷᠲᠤᠯ ᠥᠬᠡᠶ ᠠᠵᠤ ᠦᠢᠯᠡᠳᠪᠦᠷᠢ ᠶᠢᠨ ᠴᠠᠬᠢᠭᠤᠷ ᠤᠨ ᠠᠵᠤ  ᠦᠢᠯᠡᠰ  ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠲᠤᠬᠠᠶ ᠰᠠᠨᠠᠯ ᠢᠶᠠᠨ  ᠭᠦᠢᠴᠡᠳ ᠰᠣᠯᠢᠯᠴᠠᠭᠰᠠᠨ ᠪᠥᠭᠡᠳ ᠳᠡᠭᠡᠳᠦ ᠲᠠᠰ ᠤᠨ ᠴᠠᠬᠢᠯᠭᠠᠨ ᠪᠠᠭᠲᠠᠭᠠᠮᠵᠢ᠂ ᠠᠵᠤ  ᠦᠢᠯᠡᠳᠪᠦᠷᠢ ᠶᠢᠨ ᠴᠠᠬᠢᠭᠤᠷ ᠤᠨ ᠦᠢᠯᠡᠳᠪᠦᠷᠢᠯᠡᠯ᠂ ᠴᠠᠬᠢᠯᠭᠠᠨ ᠮᠠᠰᠢᠨ ᠤ ᠴᠠᠭᠠᠨ ᠠᠯᠲᠠ᠂ ᠥᠨᠳᠥᠷ ᠳᠠᠷᠤᠯᠲᠠᠲᠤ ᠡᠨᠧᠷᠭᠢ ᠬᠠᠳᠠᠭᠠᠯᠠᠬᠤ ᠵᠡᠷᠭᠡ ᠲᠥᠷᠥᠯ  ᠵᠦᠢᠯ ᠤᠨ ᠠᠵᠤ  ᠦᠢᠯᠡᠰ ᠤᠨ ᠬᠦᠷᠢᠶᠡᠯᠡᠩ ᠳᠤ  ᠣᠷᠤᠵᠤ ᠨᠤᠲᠤᠭᠰᠢᠬᠤ ᠪᠣᠯᠤᠮᠵᠢᠲᠤ ᠴᠢᠨᠠᠷ᠂ ᠡᠮᠦᠨᠡᠬᠢ ᠬᠤᠭᠤᠴᠠᠭᠠᠨ ᠤ ᠠᠵᠢᠯ ᠤᠨ ᠲᠥᠯᠥᠪᠯᠡᠭᠡ᠂ ᠳᠥᠯᠭᠢᠨ ᠠᠬᠢᠭᠤᠯᠬᠤ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠵᠡᠷᠭᠡ ᠲᠠᠯ᠎ᠠ ᠪᠠᠷ ᠰᠠᠨᠠᠯ ᠨᠢᠭᠡᠳᠦᠭᠰᠡᠨ ᠪᠠᠶᠢᠨ᠎ᠠ᠃    23 ᠤ ᠡᠳᠦᠷ ᠤᠨ ᠦᠳᠡ ᠶᠢᠨ ᠬᠤᠶᠢᠨ᠎ᠠ᠂ ᠬᠤᠸᠠ ᠷᠦᠢ ᠰᠠᠯᠬᠢᠨ ᠬᠦᠴᠦᠨ ᠤ ᠴᠠᠬᠢᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠠᠵᠢᠯ ᠪᠠᠶᠢᠴᠠᠭᠠᠬᠤ ᠳᠠᠭᠠᠨ᠂ ᠸᠠᠩ ᠶᠦᠩ ᠵᠢᠶᠦ᠋ᠨ ᠨᠡᠷ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ  ᠪᠣᠬᠢᠷᠳᠤᠯ ᠦᠭᠡᠢ ᠴᠠᠬᠢᠯᠭᠠᠨ ᠤ ᠣᠷᠣᠯᠠᠭᠤᠯᠤᠯᠲᠠ᠂ ᠰᠠᠯᠬᠢᠨ ᠰᠠᠩᠰᠠ  ᠦᠢᠯᠡᠳᠬᠦ᠂ ᠴᠠᠬᠢᠯᠭᠠᠨ ᠢᠶᠠᠷ ᠬᠠᠶᠢᠯᠤᠭᠤᠯᠤᠭᠰᠠᠨ ᠮᠠᠭᠨᠢ ᠵᠡᠷᠭᠡ ᠲᠥᠷᠥᠯ  ᠵᠦᠢᠯ ᠤᠨ ᠪᠣᠯᠤᠮᠵᠢᠲᠤ ᠴᠢᠨᠠᠷ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃    ᠠᠤᠬᠠᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠧᠤ ᠵᠠᠨ ᠯᠢ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠮᠥᠩᠭᠦᠨ ᠭᠦᠢᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠠᠮᠢᠶ᠎ᠠ ᠪᠥᠬᠦᠶ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号