| 2 ᠰᠠᠷ᠎ᠠ ᠶᠢᠨ 24 ᠤ ᠡᠳᠦᠷ᠂ ᠠᠤᠬᠠᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ | ᠪᠦᠯᠬᠦᠮ ᠳᠠᠭᠠᠭᠤᠯᠤᠨ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠲᠤ ᠬᠦᠷᠴᠦ ᠪᠡᠭᠡᠵᠢᠩ ᠥᠪᠦᠷ | ᠮᠣᠩᠭᠤᠯ ᠤᠨ ᠬᠠᠮᠵᠢᠯᠴᠠᠬᠤ ᠠᠵᠢᠯ ᠢ ᠵᠣᠯᠭᠠᠭᠤᠯᠵᠤ᠂ ᠬᠠᠶᠢᠳᠢᠶᠠᠨ ᠲᠣᠭᠤᠷᠢᠭ ᠤᠨ ᠨᠠᠮ ᠤᠨ ᠬᠤᠷᠢᠶ᠎ᠠ᠂ | ᠲᠣᠭᠤᠷᠢᠭ ᠤᠨ ᠵᠠᠰᠠᠭ ᠤᠨ ᠣᠷᠳᠣᠨ ᠲᠠᠢ ᠳᠡᠭᠡᠳᠦ ᠳᠠᠪᠬᠤᠷᠭ᠎ᠠ ᠶᠢᠨ ᠬᠠᠷᠢᠯᠴᠠᠨ ᠠᠶᠢᠯᠴᠢᠯᠠᠬᠤ ᠬᠠᠮᠲᠤᠷᠠᠭᠰᠠᠨ | ᠬᠤᠷᠠᠯ ᠬᠢᠪᠠ᠃ ᠬᠠᠶᠢᠳᠢᠶᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠾᠧ ᠱᠧᠩ ᠵᠢᠴᠢ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ᠂ ᠸᠠᠩ ᠾᠧ ᠱᠧᠩ ᠬᠠᠶᠢᠳᠢᠶᠠᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ | ᠲᠥᠯᠥᠭᠡᠯᠡᠨ᠂ ᠠᠤᠬᠠᠨ ᠬᠤᠰᠢᠭᠤᠨ ᠤ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠬᠠᠶᠢᠳᠢᠶᠠᠨ | ᠲᠣᠭᠤᠷᠢᠭ ᠲᠤ ᠠᠶᠢᠯᠴᠢᠯᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠸᠠᠩ ᠾᠧ | ᠱᠧᠩ ᠬᠡᠯᠡᠬᠦ ᠳᠡᠭᠡᠨ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠪᠣᠯ ᠬᠠᠶᠢᠳᠢᠶᠠᠨ ᠲᠣᠭᠤᠷᠢᠭ ᠤᠨ ᠵᠠᠶᠢᠯᠠᠭᠤᠯᠵᠤ | ᠪᠣᠯᠤᠰᠢ ᠥᠬᠡᠶ ᠡᠭᠦᠷᠭᠡ ᠬᠠᠷᠢᠭᠤᠴᠠᠯᠭ᠎ᠠ ᠪᠠ ᠡᠷᠬᠡᠪᠰᠢ ᠰᠠᠶᠢᠲᠤᠷ ᠪᠡᠶᠡᠯᠡᠭᠦᠯᠬᠦ ᠴᠢᠬᠤᠯᠠ ᠶᠡᠭᠡ ᠤᠯᠤᠰ ᠲᠥᠷᠥ ᠶᠢᠨ | ᠡᠭᠦᠷᠭᠡ ᠮᠥᠨ᠂ 2011 ᠣᠨ ᠳᠤ ᠬᠤᠣᠰᠯᠠᠭᠰᠠᠨ ᠠᠴᠠ ᠨᠠᠰᠢ᠂ ᠬᠠᠶᠢᠳᠢᠶᠠᠨ ᠲᠣᠭᠤᠷᠢᠭ ᠪᠠ ᠠᠤᠬᠠᠨ | ᠬᠤᠰᠢᠭᠤ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠳᠡᠮᠵᠢᠵᠦ᠂ ᠨᠢᠭᠲᠠ ᠶᠠᠪᠤᠯᠴᠠᠭ᠎ᠠ ᠪᠠᠨ ᠢᠮᠠᠭᠲᠠ | ᠪᠠᠷᠢᠮᠲᠠᠯᠠᠭᠰᠠᠭᠠᠷ ᠢᠷᠡᠵᠡᠶ᠃ 2023 ᠣᠨ ᠳᠤ᠂ ᠬᠠᠶᠢᠳᠢᠶᠠᠨ ᠲᠣᠭᠤᠷᠢᠭ ᠤᠨ ᠬᠢᠨ ᠪᠡᠭᠡᠵᠢᠩ ᠥᠪᠥᠷ | ᠮᠣᠩᠭᠤᠯ ᠤᠨ ᠬᠠᠮᠵᠢᠯᠴᠠᠭᠠᠨ ᠤ ᠠᠵᠢᠯ ᠢ ᠦᠷᠭᠦᠯᠵᠢᠯᠡᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ | ᠲᠠᠯ᠎ᠠ ᠶᠢᠨ ᠪᠦᠲᠦᠮᠵᠢᠲᠡᠢ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠬᠠᠮᠵᠢᠯᠴᠠᠭᠠᠨ ᠤ ᠠᠵᠢᠯ ᠤᠨ ᠨᠡᠩ | ᠭᠦᠨ ᠳᠠᠪᠬᠤᠷᠭ᠎ᠠ᠂ ᠨᠡᠩ ᠥᠷᠭᠡᠨ ᠬᠦᠷᠢᠶ᠎ᠡ᠂ ᠨᠡᠩ ᠰᠠᠶᠢᠨ ᠦᠷ᠎ᠡ ᠪᠦᠲᠦᠮᠵᠢ ᠲᠡᠰᠢ ᠬᠥᠭᠵᠢᠬᠦ ᠶᠢ ᠠᠬᠢᠭᠤᠯᠤᠨ᠎ᠠ | ᠭᠡᠪᠡ᠃ | ᠸᠠᠩ ᠶᠦᠩ ᠵᠢᠶᠦ᠋ᠨ ᠬᠡᠯᠡᠬᠦ ᠳᠡᠭᠡᠨ᠂ 2011 ᠣᠨ ᠳᠤ ᠬᠠᠶᠢᠳᠢᠶᠠᠨ ᠲᠣᠭᠤᠷᠢᠭ ᠤᠨ ᠬᠢᠨ ᠠᠤᠬᠠᠨ | ᠬᠤᠰᠢᠭᠤ ᠶᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠭᠰᠡᠨ ᠠᠴᠠ ᠨᠠᠰᠢ᠂ ᠬᠠᠶᠢᠳᠢᠶᠠᠨ | ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶᠡᠨ ᠤ ᠤᠯᠤᠰ ᠲᠥᠷᠥ ᠶᠢᠨ | ᠬᠠᠷᠢᠭᠤᠴᠠᠯᠭᠠᠲᠤ ᠰᠡᠳᠬᠢᠯᠭᠡ ᠪᠠᠷ ᠲᠠᠰᠤᠷᠠᠯᠲᠠ ᠥᠬᠡᠶ ᠪᠠᠯᠠ ᠮᠥᠩᠭᠦ ᠣᠷᠣᠭᠤᠯᠵᠤ᠂ ᠣᠶᠤᠨ ᠤ ᠳᠡᠮᠵᠢᠯᠭᠡ | ᠦᠵᠡᠭᠦᠯᠵᠦ᠂ ᠴᠥᠬᠦᠷᠡᠰᠢ ᠥᠬᠡᠶ ᠬᠥᠳᠡᠯᠭᠡᠬᠦ ᠬᠦᠴᠦᠨ ᠢᠶᠠᠷ ᠠᠤᠬᠠᠨ ᠬᠤᠰᠢᠭᠤᠨ ᠤ ᠠᠵᠤ ᠠᠬᠤᠶ ᠨᠡᠶᠢᠭᠡᠮ ᠤᠨ | ᠪᠥᠬᠦ ᠲᠠᠯ᠎ᠠ ᠶᠢᠨ ᠬᠥᠭᠵᠢᠯᠲᠡ ᠶᠢ ᠬᠦᠴᠦᠯᠡᠨ ᠳᠡᠮᠵᠢᠵᠦ᠂ ᠠᠤᠬᠠᠨ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠬᠦᠴᠦᠲᠡᠶ ᠠᠬᠢᠭᠤᠯᠤᠭᠰᠠᠨ ᠪᠠᠶᠢᠨ᠎ᠠ ᠭᠡᠪᠡ᠃ | ᠸᠠᠩ ᠶᠦᠩ ᠵᠢᠶᠦ᠋ᠨ ᠵᠢᠭᠠᠵᠤ ᠭᠠᠷᠭᠠᠭᠰᠠᠨ ᠨᠢ᠂ 13 ᠵᠢᠯ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ | ᠬᠠᠪᠰᠤᠷᠤᠨ ᠲᠡᠳᠬᠦᠭᠰᠡᠨ ᠢᠶᠠᠷ᠂ ᠬᠠᠶᠢᠳᠢᠶᠠᠨ ᠲᠣᠭᠤᠷᠢᠭ ᠤᠨ ᠠᠤᠬᠠᠨ ᠬᠤᠰᠢᠭᠤ ᠶᠢ ᠳᠡᠮᠵᠢᠬᠦ ᠡᠷᠴᠢᠮ | ᠲᠠᠰᠤᠷᠠᠯᠲᠠ ᠥᠬᠡᠶ ᠴᠢᠩᠭᠠᠷᠠᠭᠤᠯᠵᠤ᠂ ᠬᠤᠶᠠᠷ ᠭᠠᠵᠠᠷ ᠤᠨ ᠣᠷᠣᠨ ᠪᠦᠰᠡ ᠶᠢᠨ ᠬᠠᠮᠲᠤᠷᠠᠯᠴᠠᠭ᠎ᠠ ᠤᠯᠠᠮ ᠢᠶᠠᠷ | ᠭᠦᠨᠵᠡᠭᠡᠶᠢᠷᠡᠵᠦ᠂ ᠠᠯᠢ ᠣᠯᠠᠨ ᠴᠢᠬᠤᠯᠠ ᠦᠷ᠎ᠡ ᠪᠦᠲᠦᠭᠡᠯ ᠢ ᠪᠣᠶ ᠪᠣᠯᠭᠠᠵᠤ᠂ 7 ᠲᠣᠭᠲᠠᠪᠤᠷᠢᠲᠠᠶ ᠬᠠᠪᠰᠤᠷᠤᠨ | ᠲᠡᠳᠬᠦᠬᠦ ᠰᠢᠰᠲ᠋ᠧᠮᠵᠢ ᠶᠢ ᠪᠠᠶᠢᠭᠤᠯᠪᠠ᠃ ᠲᠤᠬᠠᠶᠢᠯᠠᠪᠠᠯ᠄ ᠤᠯᠠᠨ ᠲᠡᠰ ᠳᠠᠪᠬᠤᠷᠭ᠎ᠠ ᠶᠢᠨ ᠬᠤᠣᠰᠯᠠᠯ ᠪᠠᠶᠢᠭᠤᠯᠵᠤ | ᠬᠠᠪᠰᠤᠷᠤᠨ ᠲᠡᠳᠬᠦᠬᠦ ᠰᠢᠰᠲ᠋ᠧᠮ︔ ᠶᠡᠭᠡ ᠪᠡᠯᠡ ᠣᠷᠣᠭᠤᠯᠤᠯᠲᠠ ᠶᠢᠨ ᠪᠡᠯᠡ ᠮᠥᠩᠭᠦ ᠪᠠᠷ ᠬᠠᠪᠰᠤᠷᠤᠨ ᠲᠡᠳᠬᠦᠬᠦ | ᠰᠢᠰᠲ᠋ᠧᠮ︔ ᠪᠦᠬᠦ ᠬᠡᠯᠬᠢᠶ᠎ᠡ ᠶᠢᠨ ᠠᠵᠤ ᠦᠢᠯᠡᠰ ᠤᠨ ᠬᠠᠪᠰᠤᠷᠤᠨ ᠲᠡᠳᠬᠦᠬᠦ ᠰᠢᠰᠲ᠋ᠧᠮ︔ ᠪᠦᠬᠦ ᠲᠠᠯ᠎ᠠ ᠶᠢᠨ | ᠤᠶᠤᠨ ᠮᠡᠳᠡᠯᠭᠡ ᠪᠠᠷ ᠬᠠᠪᠰᠤᠷᠤᠨ ᠲᠡᠳᠬᠦᠬᠦ ᠰᠢᠰᠲ᠋ᠧᠮ︔ ᠬᠡᠷᠡᠭᠯᠡᠭᠡ ᠶᠢ ᠬᠠᠪᠰᠤᠷᠤᠨ ᠲᠡᠳᠬᠦᠬᠦ ᠤᠯᠠᠨ | ᠡᠰᠢᠴᠢᠯᠡᠭᠰᠡᠨ ᠰᠢᠰᠲ᠋ᠧᠮ︔ ᠭᠦᠨ ᠳᠠᠪᠬᠤᠷᠭ᠎ᠠ ᠶᠢᠨ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠰᠢᠰᠲ᠋ᠧᠮ︔ | ᠴᠢᠨᠠᠷ ᠰᠠᠶᠢᠲᠠᠶ ᠰᠠᠭᠤᠷᠢ ᠪᠦᠲᠦᠭᠡᠨ ᠪᠠᠶᠢᠭᠤᠯᠤᠯᠲᠠ ᠶᠢᠨ ᠬᠠᠪᠰᠤᠷᠤᠨ ᠲᠡᠳᠬᠦᠬᠦ ᠰᠢᠰᠲ᠋ᠧᠮ ᠪᠣᠯᠤᠨ᠎ᠠ᠃ | ᠸᠠᠩ ᠶᠦᠩ ᠵᠢᠶᠦ᠋ᠨ ᠢᠯᠡᠷᠬᠡᠶᠢᠯᠡᠬᠦ ᠳᠡᠭᠡᠨ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠳᠣᠭᠤᠰᠢᠯᠠᠭᠤᠯᠬᠤ ᠡᠬᠢᠯᠡᠯᠲᠡ ᠶᠢᠨ ᠵᠢᠯ ᠮᠥᠨ᠂ ᠬᠠᠶᠢᠳᠢᠶᠠᠨ ᠲᠣᠭᠤᠷᠢᠭ ᠤᠨ ᠬᠢᠨ | ᠥᠩᠭᠡᠷᠡᠭᠰᠡᠨ ᠲᠠᠢ ᠪᠠᠨ ᠠᠳᠠᠯᠢ ᠪᠠᠷ ᠠᠤᠬᠠᠨ ᠢ ᠠᠩᠬᠠᠷᠴᠤ᠂ ᠠᠤᠬᠠᠨ ᠢ ᠬᠠᠪᠰᠤᠷᠤᠨ᠂ ᠬᠤᠶᠠᠷ ᠲᠠᠯ᠎ᠠ ᠪᠠᠷ ᠢᠶᠠᠨ | ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠵᠤ ᠵᠠᠬ᠎ᠠ ᠳᠡᠯᠭᠡᠭᠦᠷ ᠲᠤ ᠣᠷᠣᠭᠤᠯᠬᠤ᠂ ᠠᠷᠠᠯᠵᠢᠶᠠᠴᠢᠨ | ᠤᠷᠢᠵᠤ ᠪᠠᠯᠠ ᠳᠠᠲᠠᠬᠤ᠂ ᠴᠢᠳᠠᠪᠤᠷᠢᠲᠠᠨ ᠢ ᠬᠥᠮᠦᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠬᠤ᠂ | ᠨᠡᠶᠢᠭᠡᠮ ᠠᠴᠠ ᠬᠠᠪᠰᠤᠷᠤᠨ ᠲᠡᠳᠬᠦᠬᠦ ᠵᠡᠷᠭᠡ ᠲᠠᠯ᠎ᠠ ᠪᠠᠷ ᠳᠠᠬᠢᠨᠲᠠ ᠬᠦᠴᠦᠯᠡᠵᠦ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠤᠬᠠᠨ ᠬᠤᠰᠢᠭᠤᠨ ᠤ | ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠨ ᠪᠠᠶᠢᠭᠤᠯᠬᠤ ᠶᠢ ᠬᠦᠰᠡᠵᠦ ᠪᠠᠶᠢᠨ᠎ᠠ ᠭᠡᠵᠡᠶ᠃ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ | ᠳᠡᠳ᠋ ᠳᠠᠷᠤᠭ᠎ᠠ ᠸᠠᠩ ᠸᠧᠨ ᠽᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠰᠢᠶᠠ ᠯᠢ ᠮᠢᠩ᠂ ᠬᠤᠰᠢᠭᠤᠨ ᠤ ᠵᠠᠰᠠᠭ ᠤᠨ | ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠵᠢᠴᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ | ᠶᠠᠷᠢᠯᠴᠠᠬᠤ ᠬᠤᠷᠠᠯ ᠳᠤ ᠣᠷᠣᠯᠴᠠᠵᠠᠶ᠃ | |