ᠠᠤᠬᠠᠨ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠰᠠᠶᠢᠨ ᠡᠬᠢᠯᠡᠯᠲᠡ ᠲᠠᠢ ᠪᠣᠯᠪᠠ
ᠨᠡᠶᠢᠲᠡᠯᠡᠭᠰᠡᠨ ᠴᠠᠭ᠄
2023/2/28
   ᠠᠤᠬᠠᠨ ᠬᠤᠰᠢᠭᠤ 2023 ᠣᠨ ᠳᠤ ︽ᠳᠥᠷᠪᠡ ᠶᠢ ᠥᠯᠥ ᠠᠪᠬᠤ︾ ᠱᠠᠭᠠᠷᠳᠠᠯᠭ᠎ᠠ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠵᠢᠭᠡᠯᠡᠯᠭᠡ ᠪᠠᠷ ᠠᠵᠤ ᠦᠢᠯᠡᠰ  ᠤᠨ ᠬᠥᠭᠵᠢᠯᠲᠡ ᠳᠤ ᠬᠦᠴᠦᠨ ᠨᠡᠮᠡᠷᠢᠯᠡᠬᠦ ᠦᠢᠯᠡᠳᠦᠯ  ᠢ ᠭᠦᠢᠴᠡᠳ ᠪᠠᠳᠠᠷᠠᠭᠤᠯᠤᠨ᠂ ᠣᠯᠠᠨ ᠲᠦᠮᠡᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ  ᠂ ᠤᠨᠠᠯᠲᠠ ᠶᠢ ᠬᠥᠭᠵᠢᠭᠦᠯᠬᠦ ᠳᠤ ᠪᠦᠲᠦᠮᠵᠢᠲᠡᠶ ᠪᠠᠯᠠ ᠮᠥᠩᠭᠦ ᠶᠢᠨ ᠳᠡᠮᠵᠢᠯᠭᠡ  ᠬᠠᠩᠭᠠᠪᠠ᠃    ᠲᠦᠷᠦ ᠶᠢᠨ ᠪᠤᠳᠤᠯᠭ᠎ᠠ  ᠶᠢᠨ ᠤᠬᠠᠭᠤᠯᠭ᠎ᠠ ᠶᠢ ᠴᠢᠩᠭᠠᠳᠬᠠᠪᠠ᠃  ᠲᠦᠷᠦ ᠶᠢᠨ ᠪᠣᠳᠣᠯᠭ᠎ᠠ ᠶᠢᠨ ᠡᠮᠬᠢᠳᠬᠡᠯ ᠤᠨ ᠭᠠᠷ ᠳᠡᠪᠲᠡᠷ ᠢ ᠨᠠᠶᠢᠷᠠᠭᠤᠯᠤᠨ ᠵᠣᠬᠢᠶᠠᠬᠤ ᠪᠠᠷ ᠳᠠᠮᠵᠢᠭᠤᠯᠤᠨ  ᠦᠨᠳᠦᠰᠦᠨ ᠺᠠᠳ᠋ᠷ ᠪᠣᠯᠤᠨ ᠲᠣᠰᠬᠤᠨ ᠳᠤ ᠰᠠᠭᠤᠭ᠎ᠠ ᠺᠠᠳ᠋ᠷᠴᠤᠳ ᠤᠨ ᠪᠣᠯᠪᠠᠰᠤᠷᠠᠭᠤᠯᠤᠯ ᠢ  ᠴᠢᠩᠭᠠᠳᠬᠠᠪᠠ︔ ᠸᠢᠴᠠᠲ ᠤᠨ ᠤᠬᠠᠭᠤᠯᠭ᠎ᠠ ᠶᠢᠨ ᠲᠥᠷᠥ ᠶᠢᠨ ᠪᠣᠳᠣᠯᠭ᠎ᠠ ᠶᠢᠨ ᠲᠣᠪᠴᠢᠯᠠᠯ ᠢᠶᠠᠷ ᠳᠠᠮᠵᠢᠭᠤᠯᠤᠨ᠂ ᠣᠯᠠᠨ ᠲᠦᠮᠡᠨ ᠤ ᠣᠶᠢᠯᠠᠭᠠᠬᠤ ᠨᠣᠷᠮ᠎ᠠ ᠶᠢ  ᠦᠷᠭᠡᠳᠭᠡᠪᠡ᠃ ᠣᠯᠠᠨ ᠵᠦᠢᠯ  ᠤᠨ ᠤᠬᠠᠭᠤᠯᠭ᠎ᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ 100% ᠪᠠᠷ ᠪᠦᠬᠦᠨ ᠢ ᠪᠦᠷᠬᠦᠭᠦᠯᠬᠦ ᠶᠢ ᠪᠡᠶᠡᠯᠡᠭᠦᠯᠪᠡ᠃    ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠲᠣᠳᠣᠷᠬᠠᠶ  ᠣᠶᠢᠯᠠᠭᠠᠪᠠ᠃ ᠲᠣᠰᠬᠤᠨ ᠤ ︽ ᠨᠠᠮ ᠤᠨ ᠬᠤᠷᠢᠶ᠎ᠠ ᠪᠠ ᠲᠣᠰᠬᠤᠨ ᠤ ᠠᠷᠠᠳ ᠤᠨ ᠵᠦᠪᠯᠡᠯ︾᠂ ᠨᠢᠭᠡᠳᠦᠭᠡᠷ ᠱᠦᠵᠢ᠂ ᠲᠣᠰᠬᠤᠨ ᠳᠤ  ᠰᠠᠭᠤᠭ᠎ᠠ ᠠᠵᠢᠯᠯᠠᠬᠤ ᠠᠩᠭᠢ ᠶᠢᠨ  ᠦᠢᠯᠡᠳᠦᠯ ᠢ  ᠭᠦᠢᠴᠡᠳ ᠪᠠᠳᠠᠷᠠᠭᠤᠯᠵᠤ᠂ ᠲᠠᠷᠢᠶᠠᠴᠢᠨ ᠡᠷᠦᠬᠡ ᠶᠢᠨ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠲᠣᠳᠣᠷᠬᠠᠶ ᠣᠶᠢᠯᠠᠭᠠᠵᠤ᠂ ᠶᠠᠳᠠᠭᠤ ᠠᠴᠠ ᠠᠩᠭᠢᠵᠢᠷᠠᠭᠤᠯᠬᠤ ᠪᠠ ᠬᠥᠮᠦᠨ ᠠᠮᠠ ᠶᠢ ᠬᠢᠨᠠᠨ ᠰᠢᠯᠭᠠᠬᠤ ᠬᠠᠮᠲᠤᠯᠢᠭ ᠲᠤ ᠴᠢᠭᠯᠡᠭᠦᠯᠦᠨ᠂ ᠨᠠᠷᠢᠯᠢᠭ  ᠣᠨᠤᠪᠴᠢᠲᠠᠢ ᠪᠠᠷ ᠲᠥᠷᠥᠯ ᠬᠤᠪᠢᠶᠠᠵᠤ᠂ ᠨᠢᠭᠡᠨᠲᠡ ᠵᠢᠭᠡᠯᠡᠯᠭᠡ ᠲᠠᠯᠪᠢᠭᠰᠠᠨ᠂ ᠵᠣᠭᠤᠰ ᠵᠢᠭᠡᠯᠡᠬᠦ ᠬᠡᠷᠡᠭᠴᠡᠭᠡ ᠱᠠᠭᠠᠷᠳᠠᠯᠭ᠎ᠠ ᠲᠠᠢ᠂ ᠵᠣᠭᠤᠰ ᠵᠢᠭᠡᠯᠡᠬᠦ ᠨᠥᠬᠦᠴᠡᠯ ᠳᠤ ᠨᠡᠶᠢᠴᠡᠬᠦ ᠥᠬᠡᠶ ᠭᠤᠷᠪᠠᠨ ᠲᠥᠷᠥᠯ ᠤᠨ ᠡᠬᠡ ᠲᠠᠩᠰᠠ ᠶᠢ ᠪᠠᠶᠢᠭᠤᠯᠵᠤ᠂ ᠣᠲᠣ ᠨᠢᠭᠡᠨᠲᠡ 9694 ᠡᠷᠦᠬᠡ ᠶᠢᠨ ᠵᠢᠭᠡᠯᠡᠯᠭᠡ ᠶᠢᠨ ᠪᠠᠶᠢᠳᠠᠯ ᠤᠨ ᠪᠠᠶᠢᠴᠠᠭᠠᠯᠲᠠ ᠶᠢ ᠠᠩᠬ᠎ᠠ ᠠᠯᠬᠤᠮ ᠪᠡᠶᠡᠯᠡᠭᠦᠯᠵᠦ᠂ ᠡᠭᠦᠨ ᠢᠶᠠᠷ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠲᠣᠳᠣᠷᠬᠠᠶ  ᠣᠶᠢᠯᠠᠭᠠᠪᠠ᠃    ᠵᠢᠭᠡᠯᠡᠯᠭᠡ ᠶᠢᠨ ᠲᠠᠨᠢᠯᠴᠠᠭᠤᠯᠭ᠎ᠠ ᠶᠢ  ᠴᠢᠩᠭᠠᠳᠬᠠᠪᠠ᠃ ᠡᠷᠦᠬᠡ ᠪᠠᠷ ᠭᠤᠶᠤᠴᠢᠯᠠᠬᠤ᠂ ᠬᠥᠳᠡᠭᠡ ᠲᠣᠰᠬᠤᠨ ᠢᠶᠠᠷ ᠬᠢᠨᠠᠨ ᠬᠠᠷᠭᠤᠭᠤᠯᠬᠤ᠂ ᠬᠤᠰᠢᠭᠤᠨ ᠤ ᠳᠡᠰ ᠢᠶᠠᠷ ᠲᠠᠨᠢᠯᠴᠠᠭᠤᠯᠬᠤ ᠬᠡᠯᠪᠡᠷᠢ ᠪᠠᠷ ᠳᠠᠮᠵᠢᠭᠤᠯᠤᠨ᠂ ᠬᠤᠷᠰᠢᠭᠰᠠᠨ ᠬᠤᠰᠢᠭᠤᠨ ᠤ ᠲᠠᠷᠢᠶᠠᠯᠠᠩ ᠬᠤᠳᠠᠯᠳᠤᠭᠠᠨ ᠤ ᠪᠠᠩᠬᠢ᠂ ᠬᠤᠰᠢᠭᠤᠨ ᠤ ᠲᠠᠷᠢᠶᠠᠯᠠᠩ ᠤᠨ ᠪᠠᠩᠬᠢ ᠳᠤ ᠴᠠᠭ ᠲᠤᠬᠠᠶ ᠳᠤᠨᠢ ᠲᠠᠨᠢᠯᠴᠠᠭᠤᠯᠵᠤ᠂ ᠬᠤᠷᠰᠢᠭᠰᠠᠨ ᠪᠠᠩᠬᠢ ᠶᠢ ᠵᠣᠬᠢᠶᠠᠨ ᠪᠠᠶᠢᠭᠤᠯᠤᠨ ᠵᠢᠭᠡᠯᠡᠯᠭᠡ ᠲᠠᠯᠪᠢᠬᠤ ᠠᠴᠠ ᠡᠮᠦᠨᠡᠬᠢ ᠪᠠᠶᠢᠴᠠᠭᠠᠯᠲᠠ ᠶᠢ ᠥᠷᠨᠢᠭᠦᠯᠵᠦ᠂ ᠵᠢᠭᠡᠯᠡᠯᠭᠡ ᠶᠢᠨ ᠡᠷᠦᠬᠡ ᠶᠢᠨ ᠭᠤᠶᠤᠴᠢᠯᠠᠭᠰᠠᠨ ᠵᠢᠭᠡᠯᠡᠯᠭᠡ ᠶᠢ ᠠᠵᠤ  ᠦᠢᠯᠡᠰ ᠤᠨ ᠬᠥᠭᠵᠢᠯᠲᠡ ᠳᠤ ᠬᠡᠷᠡᠭᠯᠡᠬᠦ ᠶᠢ ᠪᠠᠲᠤᠯᠠᠵᠤ᠂ ᠠᠵᠤ  ᠦᠢᠯᠡᠰ  ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠬᠦᠴᠦ  ᠨᠡᠮᠡᠷᠢᠯᠡᠪᠡ᠃    ᠣᠲᠣ ᠪᠣᠯᠲᠠᠯ᠎ᠠ᠂ ᠪᠥᠬᠦ ᠬᠤᠰᠢᠭᠤᠨ ᠤ ᠬᠢᠨ 2023 ᠣᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠳᠤ 670 ᠲᠦᠮᠡᠨ ᠲᠥᠭᠦᠷᠢᠭ ᠤᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ ᠰᠢᠨ᠎ᠡ ᠪᠠᠷ ᠲᠠᠷᠬᠠᠭᠠᠵᠤ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠪᠠ ᠬᠢᠨᠠᠨ ᠰᠢᠯᠭᠠᠬᠤ ᠡᠲᠡᠭᠡᠳ 135 ᠡᠷᠦᠬᠡ ᠳᠤ ᠠᠰᠢᠭ ᠬᠦᠷᠲᠡᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号