ᠠᠤᠬᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠬᠡᠷᠡᠭᠯᠡᠭᠡᠨ ᠤ ︽ᠠᠯᠪᠠᠨ ᠠᠵᠢᠯᠳᠠᠨ  ᠤ ᠵᠢᠭᠡᠯᠡᠯᠭᠡ ︾ ᠶᠢᠨ ᠦᠢᠯᠡᠳᠭᠦᠨ ᠢ ᠳᠠᠬᠢᠨᠲᠠ ᠲᠠᠰ ᠳᠡᠪᠰᠢᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/2/28
   ᠠᠤᠬᠠᠨ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ  ᠳᠠᠶᠢᠴᠢᠯᠠᠨ ᠠᠬᠢᠭᠤᠯᠬᠤ ᠶᠢᠨ ᠲᠥᠯᠥᠭᠡ᠂ ᠬᠡᠷᠡᠭᠯᠡᠭᠡᠨ ᠤ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠣᠷᠣᠭᠤᠯᠬᠤ ᠡᠷᠴᠢᠮ ᠢ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠮᠥᠩᠭᠦᠨ  ᠭᠦᠢᠯᠭᠡᠭᠡᠨ ᠤ  ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠠᠤᠬᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ︽ᠠᠯᠪᠠᠨ ᠠᠵᠢᠯᠲᠠᠨ  ᠤ ᠵᠢᠭᠡᠯᠡᠯᠭᠡ ︾ ᠶᠢᠨ ᠪᠦᠲᠦᠭᠡᠭᠳᠡᠬᠦᠨ ᠢ ᠳᠠᠬᠢᠨᠲᠠ ᠲᠠᠰ ᠳᠡᠪᠰᠢᠭᠦᠯᠵᠦ᠂ ᠦᠢᠯᠡᠴᠢᠯᠡᠬᠦ ᠡᠲᠡᠭᠡᠳ ᠢ ᠳᠠᠬᠢᠨᠲᠠ ᠥᠷᠭᠡᠳᠬᠡᠪᠡ᠄ ᠠᠤᠬᠠᠨ ᠬᠤᠰᠢᠭᠤᠨ ᠤ ᠪᠣᠶ ᠪᠥᠬᠦᠶ ᠠᠯᠪᠠᠲᠠᠨ᠂ ᠠᠵᠢᠯ  ᠦᠢᠯᠡᠰ ᠤᠨ ᠣᠷᠣᠨ ᠲᠣᠭᠠᠨ ᠤ ᠠᠵᠢᠯᠲᠠᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂  ᠲᠦᠪ ᠣᠷᠤᠨ ᠬᠤᠲᠠ ᠶᠢᠨ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠵᠢᠴᠢ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ ᠠᠬᠤᠶᠢᠯᠠᠯ ᠤᠨ ᠵᠢᠩᠬᠢᠨᠢ  ᠠᠵᠢᠯ ᠤᠨ ᠪᠠᠶᠢᠷᠢ ᠳᠤ ᠪᠠᠶᠢᠭ᠎ᠠ ᠬᠥᠮᠦᠰ ᠴᠥᠮ ᠭᠤᠶᠤᠴᠢᠯᠠᠵᠤ ᠪᠣᠯᠤᠨ᠎ᠠ᠃    ᠡᠨᠡ ᠤᠳᠠᠭ᠎ᠠ ᠶᠢᠨ ︽ᠠᠯᠪᠠᠨ ᠠᠵᠢᠯᠲᠠᠨ ᠤ ᠵᠢᠭᠡᠯᠡᠯᠭᠡ ︾ ᠶᠢᠨ  ᠦᠢᠯᠡᠳᠭᠦᠨ ᠤ  ᠴᠣ ᠰᠢᠨ᠎ᠡ ᠲᠠᠰ ᠳᠠᠪᠰᠢᠯᠲᠠ ᠨᠢ ᠬᠡᠷᠡᠭᠯᠡᠭᠴᠢᠳ ᠤᠨ ᠪᠠᠯᠠ ᠮᠥᠩᠭᠦ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠵᠢᠭᠡᠯᠡᠯᠭᠡ  ᠭᠦᠢᠴᠡᠳᠭᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ ᠦᠢᠯᠡᠳᠬᠦᠨ ᠢ ᠭᠠᠷᠭᠠᠭᠠᠳ ᠭᠤᠷᠪᠠᠭ᠋ᠠᠨ ᠡᠳᠦᠷ ᠲᠤ᠂ ᠢᠲᠡᠭᠡᠮᠵᠢ ᠣᠯᠭᠤᠭᠰᠠᠨ ᠡᠷᠦᠬᠡ ᠶᠢᠨ ᠲᠤᠭ᠎ᠠ 50 ᠪᠣᠯᠵᠤ᠂ ᠢᠲᠡᠭᠡᠮᠵᠢ ᠣᠯᠭᠤᠭᠰᠠᠨ ᠵᠣᠭᠤᠰ ᠤᠨ ᠲᠤᠭ᠎ᠠ 2000 ᠲᠦᠮᠡᠨ ᠲᠥᠭᠦᠷᠢᠭ ᠲᠤ ᠬᠦᠷᠴᠡᠶ᠃    ᠠᠤᠬᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠲᠣᠰ ︽ᠠᠯᠪᠠᠨ ᠠᠵᠢᠯᠲᠠᠨ  ᠤ ᠵᠢᠭᠡᠯᠡᠯᠭᠡ ︾ ᠶᠢᠨ  ᠦᠢᠯᠡᠳᠭᠦᠨ ᠤ ᠬᠦᠤ ᠮᠥᠩᠬᠦ  ᠶᠢᠨ ᠨᠣᠷᠮ᠎ᠠ ᠶᠢᠨ ᠬᠢᠷᠢ ᠬᠡᠮᠵᠢᠶ᠎ᠡ ᠶᠢ ᠳᠠᠬᠢᠨ ᠪᠠᠭᠤᠷᠠᠭᠤᠯᠵᠤ᠂ ᠰᠠᠷ᠎ᠠ ᠶᠢᠨ ᠬᠦᠤ ᠮᠥᠩᠭᠦ ᠨᠢ 3.04‰  ᠪᠣᠯᠵᠣ᠂ ᠲᠦᠮᠡᠨ ᠲᠥᠭᠦᠷᠢᠭ ᠵᠢᠭᠡᠯᠡᠪᠡᠯ ᠨᠢᠭᠡ ᠡᠳᠦᠷ ᠤᠨ ᠬᠦᠤ ᠮᠥᠩᠭᠦ ᠨᠢ ᠨᠢᠭᠡ ᠯᠡ ᠲᠥᠭᠦᠷᠢᠭ ᠬᠡᠷᠡᠭᠰᠡᠨ᠎ᠡ᠃ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ ᠳᠠᠬᠢᠨ ᠨᠡᠮᠡᠭᠳᠡᠭᠦᠯᠵᠦ᠂ ᠵᠢᠭᠡᠯᠡᠯᠭᠡ ᠶᠢᠨ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠲᠤ ᠬᠦᠷᠦᠭᠦᠯᠵᠦ᠂ 20 ᠲᠦᠮᠡᠨ ᠲᠥᠭᠦᠷᠢᠭ ︵ᠪᠠᠭᠲᠠᠨ᠎ᠠ︶ ᠠᠴᠠ ᠳᠣᠷᠣᠭᠰᠢᠬᠢ ᠭᠠᠭᠴᠠ ᠬᠥᠮᠦᠨ  ᠭᠦᠢᠴᠡᠳᠭᠡᠪᠡᠯ ᠪᠣᠯᠴᠢᠬᠠᠨ᠎ᠠ᠃ ᠵᠣᠭᠤᠰ ᠵᠢᠭᠡᠯᠡᠬᠦ ᠠᠷᠭ᠎ᠠ ᠮᠠᠶ᠋ᠢᠭ ᠢ ᠳᠠᠬᠢᠨ  ᠰᠢᠯᠢᠳᠡᠭᠵᠢᠭᠦᠯᠵᠦ᠂ ᠢᠲᠡᠭᠡᠮᠵᠢ᠂ ᠳᠠᠭᠠᠭᠠᠯᠲᠠ ᠴᠥᠮ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号