| 2 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠮᠠ ᠯᠢ ᠬᠤᠸᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠨ ᠬᠤᠶ ᠪᠠᠯᠭᠠᠰᠤ᠂ ᠰᠧ | ᠵᠢᠶᠠ ᠽᠢ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠵᠦ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ | ᠬᠠᠮᠠᠭᠠᠯᠠᠬᠤ ᠠᠵᠢᠯ ᠢ ᠬᠢᠨᠠᠨ ᠵᠢᠯᠣᠭᠤᠳᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠪᠢ ᠵᠢᠶᠠᠨ ᠮᠢᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ | ᠬᠢᠪᠠ᠃ | ᠬᠦᠷᠦᠭᠰᠡᠨ ᠭᠠᠵᠠᠷ ᠪᠣᠯᠭᠠᠨ ᠳᠤ᠂ ᠮᠠ ᠯᠢ ᠬᠤᠸᠠ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠵᠠᠬᠢᠳᠠᠯ | ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ | ᠬᠢᠨᠠᠮᠠᠭᠠᠢ ᠰᠣᠨᠣᠰᠴᠤ᠂ ᠠᠵᠢᠯᠳᠠᠨ ᠤ ᠲᠤᠬᠢᠷᠠᠭᠤᠯᠤᠯᠳᠠ᠂ ᠠᠵᠢᠯ ᠤᠨ ᠠᠬᠢᠴᠠ᠂ ᠣᠳᠣᠬᠠᠨ ᠳᠤ ᠣᠷᠣᠰᠢᠵᠤ | ᠪᠠᠶᠢᠭ᠎ᠠ ᠭᠤᠣᠯ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠵᠡᠷᠭᠡ ᠶᠢ ᠨᠠᠷᠢᠨ | ᠬᠢᠨᠠᠮᠠᠭᠠᠢ ᠯᠠᠪᠯᠠᠨ ᠠᠰᠠᠭᠤᠪᠠ᠃ | ᠮᠠ ᠯᠢ ᠬᠤᠸᠠ ᠠᠴᠠ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠦᠵᠡᠯ | ᠰᠠᠨᠠᠭ᠎ᠠ ᠪᠠᠨ ᠰᠤᠯᠠᠷᠠᠭᠤᠯᠬᠤ ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠬᠤᠷᠢᠭ᠎ᠠ | ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠠᠵᠢᠯ ᠤᠨ ᠵᠥᠩᠨᠡᠯᠲᠡ ᠶᠢᠨ ᠴᠢᠨᠠᠷ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠬᠥᠮᠦᠵᠢᠯ ᠤᠬᠠᠭᠤᠯᠭ᠎ᠠ ᠪᠠᠨ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ | ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠵᠢᠭᠠᠨ ᠭᠠᠷᠭᠠᠪᠠ᠃ | | ᠮᠠ ᠯᠢ ᠬᠤᠸᠠ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠵᠠᠬᠢᠳᠠᠯ ᠰᠤᠷᠪᠤᠯᠵᠢᠯᠠᠭ᠎ᠠ | ᠲᠣᠭᠲᠠᠭᠤᠨ ᠢ ᠬᠠᠮᠠᠭᠠᠯᠠᠬᠤ ᠠᠵᠢᠯ ᠢ ᠰᠡᠷᠭᠡᠭ ᠢᠶᠠᠷ ᠲᠠᠨᠢᠵᠤ᠂ ᠦᠵᠡᠯ ᠰᠠᠨᠠᠭᠠᠨ ᠤ ᠲᠠᠨᠢᠯᠲᠠ ᠪᠣᠯᠤᠨ | ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ | ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠯ᠎ᠡ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠵᠦ᠂ | ᠬᠠᠮᠢᠶ᠎ᠠ ᠪᠦᠬᠦᠢ ᠲᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ | ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ | ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ | ᠬᠠᠮᠠᠭᠠᠯᠠᠬᠤ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ | ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠠᠵᠢᠯᠲᠠᠳ ᠰᠤᠷᠤᠯᠴᠠᠯᠭ᠎ᠠ ᠪᠠᠨ ᠴᠢᠩᠭᠠᠳᠬᠠᠵᠤ᠂ ᠠᠵᠢᠯ ᠤᠨ | ᠴᠢᠳᠠᠪᠤᠷᠢ ᠪᠠᠨ ᠨᠡᠮᠡᠭᠳᠡᠭᠦᠯᠦᠨ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠳᠦᠷᠢᠮᠵᠢᠯᠲᠡ᠂ ᠵᠢᠷᠤᠮᠵᠢᠭᠤᠯᠤᠯᠲᠠ ᠶᠢᠨ ᠬᠢᠷᠢ ᠲᠦᠪᠰᠢᠨ ᠢᠶᠠᠨ | ᠳᠡᠭᠡᠭᠰᠢᠯᠡᠭᠦᠯᠵᠦ᠂ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠤᠨ ᠰᠢᠨ᠎ᠡ | ᠪᠠᠶᠢᠷᠢᠰᠢᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃ | |