ᠠᠤᠬᠠᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠪᠣᠯᠤᠨ ᠪᠠᠭᠠᠷᠢᠨ ᠪᠠᠷᠠᠭᠤᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢ ᠬᠠᠮᠲᠤ ᠪᠠᠷ ᠴᠣᠭᠴᠠᠯᠠᠵᠤ ᠬᠠᠮᠲᠤ ᠪᠠᠷ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2023/2/28
   ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ  ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ᠠᠤᠬᠠᠨ ᠬᠤᠰᠢᠭᠤ ᠪᠠ ᠪᠠᠭᠠᠷᠢᠨ ᠪᠠᠷᠠᠭᠤᠨ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠬᠤᠶᠠᠷ ᠭᠠᠵᠠᠷ ᠣᠷᠣᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠵᠤ᠂ 2 ᠰᠠᠷ᠎ᠠ ᠶᠢᠨ 24 ᠤ ᠡᠳᠦᠷ᠂ ᠠᠤᠬᠠᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠪᠠ ᠪᠠᠭᠠᠷᠢᠨ ᠪᠠᠷᠠᠭᠤᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠨᠢ ᠠᠤᠬᠠᠨ ᠤ ᠺᠠᠳ᠋ᠷ ᠤᠨ ᠳᠡᠭᠡᠳᠦ ᠰᠤᠷᠭᠠᠭᠤᠯᠢ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ  ᠬᠠᠮᠲᠤ ᠪᠠᠷ ᠴᠣᠭᠴᠠᠯᠠᠵᠤ ᠬᠠᠮᠲᠤ ᠪᠠᠷ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ ᠤᠯᠠᠭᠠᠨᠬᠠᠳᠠ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠠᠯᠠᠭᠠᠨ ᠤ ᠳᠠᠷᠤᠭ᠎ᠠ ᠯᠢᠶᠠᠩ ᠱᠢ ᠶᠦᠩ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃ ᠠᠤᠬᠠᠨ ᠤ ᠺᠠᠳ᠋ᠷ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠯᠢ ᠯᠢ ᠰᠢᠨ᠂ ᠠᠤᠬᠠᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠪᠣᠯᠤᠨ ᠪᠠᠭᠠᠷᠢᠨ ᠪᠠᠷᠠᠭᠤᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠤᠤᠯ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠵᠠᠶ᠃    ᠯᠢᠶᠠᠩ ᠱᠢ ᠶᠦᠩ ᠬᠤᠳᠠ ᠶᠢᠨ ᠠᠷᠠᠳ ᠤᠨ ᠵᠥᠪᠯᠡᠯ ᠢ ᠲᠦᠯᠦᠭᠡᠯᠡᠨ ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠳᠤ ᠪᠠᠶᠠᠷ ᠬᠦᠷᠭᠡᠪᠡ᠃ ᠲᠡᠷᠡ ᠵᠢᠭᠠᠵᠤ ᠭᠠᠷᠭᠠᠭᠰᠠᠨ ᠨᠢ᠂ ᠬᠤᠶᠠᠷ ᠲᠠᠯ᠎ᠠ ᠪᠠᠷ ᠢᠶᠠᠨ ᠬᠤᠶᠠᠷ ᠭᠠᠵᠠᠷ ᠣᠷᠣᠨ ᠤ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠵᠤ᠂ ︽ᠭᠤᠷᠪᠠᠨ ᠵᠦᠢᠯ ᠤᠨ ᠲᠥᠯᠥᠪᠯᠡᠭᠡ︾ ᠶᠢ ᠶᠡᠭᠡ ᠪᠠᠷ ᠬᠡᠷᠡᠭᠵᠢᠭᠦᠯᠬᠦ ᠪᠠᠷ ᠳᠠᠮᠵᠢᠭᠤᠯᠤᠨ᠂ ᠰᠤᠷᠭᠠᠨ ᠬᠥᠮᠦᠵᠢᠯ᠂ ᠰᠣᠶᠣᠯ  ᠵᠢᠭᠤᠯᠴᠢᠯᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠨᠡᠶᠢᠭᠡᠮ ᠢ ᠵᠠᠰᠠᠬᠤ ᠵᠡᠷᠭᠡ ᠬᠦᠷᠢᠶᠡᠨ ᠳᠤ ᠪᠦᠬᠦ ᠲᠠᠯ᠎ᠠ ᠪᠠᠷ ᠤᠯᠠᠨ  ᠤ ᠬᠠᠮᠲᠤᠷᠠᠯᠴᠠᠭ᠎ᠠ ᠥᠷᠨᠢᠭᠦᠯᠬᠦ ᠪᠣᠯ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ᠂ ᠬᠤᠳᠠ ᠶᠢᠨ ᠨᠠᠮ ᠤᠨ  ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ  ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠬᠤ ᠪᠥᠭᠡᠳ ᠬᠤᠶᠠᠷ ᠭᠠᠵᠠᠷ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠥᠷᠭᠡᠨ ᠢᠶᠠᠷ ᠶᠠᠪᠤᠯᠴᠠᠬᠤ᠂ ᠪᠦᠬᠦ ᠲᠠᠯ᠎ᠠ ᠪᠠᠷ ᠰᠣᠯᠢᠯᠴᠠᠬᠤ᠂ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠨᠢ ᠯᠠᠪᠲᠠᠢ ᠶᠤᠮ ᠭᠡᠪᠡ᠃    ᠲᠡᠷᠡ ᠴᠢᠬᠤᠯᠠᠴᠢᠯᠠᠭᠰᠠᠨ ᠨᠢ᠂ ᠬᠤᠶᠠᠷ ᠲᠠᠯ᠎ᠠ ᠪᠠᠷ ᠢᠶᠠᠨ ᠬᠠᠷᠢᠯᠴᠠᠭ᠎ᠠ ᠰᠣᠯᠢᠯᠴᠠᠭ᠎ᠠ᠂ ᠬᠠᠮᠲᠤᠷᠠᠯᠴᠠᠭ᠎ᠠ ᠬᠥᠭᠵᠢᠯᠲᠡ ᠶᠢ ᠬᠠᠮᠲᠤᠪᠠᠷ ᠰᠦᠪᠡᠭᠴᠢᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠤᠬᠠᠨ ᠬᠤᠰᠢᠭᠤ ᠪᠣᠯᠤᠨ ᠪᠠᠭᠠᠷᠢᠨ ᠪᠠᠷᠠᠭᠤᠨ ᠬᠤᠰᠢᠭᠤᠨ ᠤ ᠮᠡᠳᠡᠭᠡ ᠵᠠᠩᠭᠢ ᠨᠡᠪᠲᠡᠷᠡᠯᠴᠡᠬᠦ᠂ ᠠᠵᠢᠯ ᠢᠶᠠᠨ ᠬᠠᠷᠢᠯᠴᠠᠨ ᠲᠣᠯᠢᠯᠠᠬᠤ᠂ ᠠᠵᠢᠯᠯᠠᠭ᠎ᠠ ᠪᠠᠨ ᠬᠠᠮᠲᠤ ᠪᠠᠷ ᠪᠠᠶᠢᠭᠤᠯᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠢᠳᠡᠪᠬᠢᠲᠡᠶ ᠠᠬᠢᠭᠤᠯᠵᠤ᠂ ᠣᠯᠠᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠶ ᠭᠦᠨᠵᠡᠭᠡᠶᠢᠷᠡᠭᠦᠯᠵᠦ᠂ ︽ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ︾ ᠪᠠᠷ ᠭᠤᠣᠯ ᠰᠡᠳᠦᠪ ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠮᠲᠤᠷᠠᠨ ᠡᠭᠦᠳᠴᠦ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠲᠡᠷᠢᠭᠦᠨ ᠤ ᠲᠤᠷᠰᠢᠯᠭ᠎ᠠ ᠶᠢ ᠬᠠᠷᠢᠯᠴᠠᠨ ᠰᠤᠷᠤᠯᠴᠠᠵᠤ᠂ ᠰᠠᠶᠢᠨ ᠲᠠᠢ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ︽ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠯᠴᠠᠨ ᠰᠢᠭᠢᠳᠬᠦ ᠬᠡᠯᠪᠡᠷᠢ ᠶᠢᠨ ᠬᠥᠭᠵᠢᠯᠲᠡ ᠶᠢᠨ ᠲᠥᠯᠥᠪᠯᠡᠭᠡ︾ ᠶᠢ ᠬᠡᠷᠡᠭᠵᠢᠭᠦᠯᠵᠦ᠂ ᠬᠠᠷᠢᠯᠴᠠᠨ ᠠᠵᠢᠭᠯᠠᠵᠤ ᠬᠠᠷᠢᠯᠴᠠᠨ ᠰᠤᠷᠤᠯᠴᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡ ᠪᠦᠯᠦᠭ ᠦᠨᠳᠦᠰᠦᠲᠡᠨ ᠤ ᠪᠦᠯᠬᠦᠮᠳᠡᠯ ᠲᠠᠪᠰᠢᠯᠳᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠵᠢᠱᠢᠶ᠎ᠡ ᠦᠵᠡᠭᠦᠯᠬᠦ ᠴᠡᠭ ᠢ ᠬᠠᠮᠲᠤᠷᠠᠨ ᠡᠭᠦᠳᠴᠦ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠪᠠ ᠬᠥᠳᠡᠭᠡ ᠲᠣᠰᠬᠤᠨ ᠢ ᠵᠠᠰᠠᠬᠤ ᠰᠢᠨ᠎ᠡ ᠰᠡᠳᠬᠢᠴᠡ᠂ ᠰᠢᠨ᠎ᠡ ᠵᠠᠭᠪᠤᠷ᠂ ᠰᠢᠨ᠎ᠡ ᠠᠷᠭ᠎ᠠ  ᠬᠡᠮᠵᠢᠶ᠎ᠡ  ᠶᠢ ᠢᠳᠡᠪᠬᠢᠲᠡᠢ ᠰᠦᠪᠡᠭᠴᠢᠯᠡᠵᠦ᠂ ᠬᠤᠶᠠᠷ ᠭᠠᠵᠠᠷ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号