ᠰᠧ ᠳ᠋ᠣᠣ ᠸᠠᠨ ᠽᠢ ᠪᠠᠯᠭᠠᠰᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠲᠣᠪᠤᠶᠢᠮ᠎ᠠ ᠪᠠᠶᠢᠨ᠎ᠠ
ᠨᠡᠶᠢᠲᠡᠯᠡᠭᠰᠡᠨ ᠴᠠᠭ᠄
2023/2/7
       2022 ᠣᠨ ᠳᠤ᠂ ᠰᠧ ᠳ᠋ᠣᠣ ᠸᠠᠨ ᠽᠢ ᠪᠠᠯᠭᠠᠰᠤ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠶ ᠰᠢᠭᠤᠢ ᠶᠢᠨ ᠦᠢᠯᠡᠰ ᠤᠨ ︽ᠨᠢᠭᠡ ᠶᠢ ᠪᠠᠭᠠᠰᠬᠠᠵᠤ ᠭᠤᠷᠪᠠ ᠶᠢ ᠨᠡᠮᠡᠭᠳᠡᠭᠦᠯᠵᠦ ᠬᠤᠶᠠᠷ ᠢ ᠥᠭᠡᠷᠡᠴᠢᠯᠡᠬᠦ︾ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ ᠬᠦᠴᠦᠲᠡᠢ ᠠᠷᠭ᠎ᠠ ᠬᠡᠮᠵᠢᠶ᠎ᠡ ᠠᠪᠴᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠳᠣᠣᠷ᠎ᠠ ᠬᠠᠭᠠᠰ ᠲᠠᠯᠠᠪᠤᠷ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠭᠰᠡᠨ ᠪᠠᠶᠢᠨ᠎ᠠ᠃    ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠠᠵᠢᠯ ᠢ ᠪᠣᠳᠠᠲᠠᠢ ᠪᠠᠷ ᠠᠳᠬᠤᠪᠠ᠃ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠭᠠᠰ ᠵᠢᠯ ᠳᠤ ᠨᠢᠭᠡ ᠤᠳᠠᠭ᠎ᠠ ᠲᠤᠰᠬᠠᠢ ᠰᠡᠳᠦᠪᠲᠦ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠤᠷᠢᠳ ᠬᠤᠵᠢᠳ ︽ᠰᠧ ᠳ᠋ᠣᠣ ᠸᠠᠨ ᠽᠢ ᠪᠠᠯᠭᠠᠰᠤᠨ ᠤ ᠭᠤᠣᠯ ᠤᠨ ᠳᠠᠷᠤᠭ᠎ᠠ ᠶᠢᠨ ᠳᠦᠷᠢᠮ ᠤᠨ ᠬᠠᠮᠢᠶᠠᠷᠤᠯᠲᠠ ᠶᠢ  ᠳᠣᠭᠤᠰᠢᠯᠠᠭᠤᠯᠤᠨ ᠨᠠᠶᠢᠳᠠᠪᠤᠷᠢᠵᠢᠭᠤᠯᠵᠤ ᠬᠡᠷᠡᠭᠵᠢᠭᠦᠯᠬᠦ ᠲᠥᠰᠥᠯ︾ ︽ᠰᠧ ᠳ᠋ᠣᠣ ᠸᠠᠨ ᠽᠢ ᠪᠠᠯᠭᠠᠰᠤᠨ ᠤ ᠣᠷᠴᠢᠨ ᠲᠣᠭᠤᠷᠢᠨ ᠤ ᠪᠣᠬᠢᠷᠳᠤᠯ ᠢ ᠰᠡᠷᠭᠡᠶᠢᠯᠡᠨ  ᠵᠠᠰᠠᠵᠤ ᠬᠡᠷᠡᠭᠵᠢᠭᠦᠯᠬᠦ ᠲᠥᠰᠥᠯ︾ ︽ᠰᠧ ᠳ᠋ᠣᠣ ᠸᠠᠨ ᠽᠢ ᠪᠠᠯᠭᠠᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ︾ ︽ᠰᠧ ᠳ᠋ᠣᠣ ᠸᠠᠨ ᠽᠢ ᠪᠠᠯᠭᠠᠰᠤᠨ ᠤ ᠤᠰᠤᠨ ᠰᠤᠷᠪᠤᠯᠵᠢ ᠶᠢᠨ ᠭᠠᠵᠠᠷ ᠤᠨ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ︾ ᠵᠡᠷᠭᠡ ᠪᠢᠴᠢᠭ ᠮᠠᠲ᠋ᠧᠷᠢᠶᠠᠯ ᠢ ᠲᠣᠭᠲᠠᠭᠠᠨ ᠳᠠᠷᠤᠮᠠᠯᠯᠠᠨ ᠲᠠᠷᠬᠠᠭᠠᠪᠠ᠃ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ  ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ 3 ᠴᠡᠭᠴᠡᠯᠡᠨ  ᠰᠠᠶᠢᠵᠢᠷᠠᠭᠤᠯᠬᠤ ᠠᠰᠠᠭᠤᠳᠠᠯ ᠢ ᠪᠡᠶᠡᠯᠡᠭᠦᠯᠵᠦ᠂ ᠤᠯᠤᠰ ᠤᠨ ᠵᠠᠮ ᠤᠨ 101 ᠱᠤᠭᠤᠮ ᠤᠨ ᠵᠠᠰᠠᠮᠠᠯ ᠵᠠᠮ ᠤᠨ ᠬᠤᠶᠠᠷ ᠬᠠᠵᠠᠭᠤ ᠵᠢᠴᠢ  ᠯᠤᠤᠬ᠎ᠠ ᠶᠢᠨ ᠭᠤᠣᠯ ᠤᠨ ᠬᠥᠭᠦᠷᠭᠡ ᠶᠢᠨ ᠳᠣᠣᠷᠠᠬᠢ 600 ᠪᠣᠰᠤᠭ᠎ᠠ ᠳᠥᠷᠪᠡᠯᠵᠢᠨ  ᠮᠧᠲᠷ ᠤᠨ ᠬᠤᠭ ᠨᠣᠪᠰᠢ ᠶᠢ ᠴᠡᠪᠡᠷᠯᠡᠵᠦ᠂ ᠬᠠᠷᠢᠶ᠎ᠠ ᠣᠷᠣᠨ ᠤ ᠳᠣᠲᠣᠷᠠᠬᠢ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢᠨ ᠬᠡᠪᠴᠢᠶ᠎ᠡ ᠶᠢ ᠲᠣᠳᠣᠷᠬᠠᠶᠢᠯᠠᠵᠤ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠤᠰᠤᠨ ᠤ ᠪᠣᠬᠢᠷᠳᠤᠯ ᠤᠨ ᠡᠬᠢ ᠰᠤᠷᠪᠤᠯᠵᠢ ᠶᠢᠨ ᠡᠭᠦᠰᠬᠦ ᠶᠢ ᠬᠤᠷᠢᠭᠯᠠᠪᠠ᠃ ᠪᠥᠬᠦ ᠵᠢᠯ ᠳᠤ 1200 ᠮᠦ ᠶᠢᠨ ᠲᠠᠯᠠᠪᠠᠶ ᠶᠢ ᠨᠥᠬᠦᠵᠦ ᠳᠠᠷᠢᠵᠤ᠂ 2000 ᠮᠦ ᠶᠢ ᠰᠢᠨᠡᠳᠬᠡᠨ ᠣᠶᠢᠵᠢᠭᠤᠯᠬᠤ ᠶᠢ  ᠪᠡᠶᠡᠯᠡᠭᠦᠯᠪᠡ᠃ 1728 ᠮᠦ ᠮᠠᠭᠤᠳᠠᠭᠰᠠᠨ ᠣᠶ ᠶᠢᠨ ᠬᠡᠰᠡᠭᠯᠡᠯ ᠤᠨ ᠥᠭᠡᠷᠡᠴᠢᠯᠡᠯᠲᠡ ᠶᠢ ᠪᠡᠶᠡᠯᠡᠭᠦᠯᠦᠭᠰᠡᠨ ᠪᠥᠭᠡᠳ 1600 ᠮᠦ ᠥᠨᠳᠥᠷ ᠪᠠᠷᠢᠮᠵᠢᠶᠠᠲᠤ ᠱᠠᠲᠤᠨ ᠲᠠᠷᠢᠶᠠᠨ ᠤ ᠣᠶᠢᠵᠢᠭᠤᠯᠤᠯᠲᠠ ᠶᠢᠨ ᠭᠠᠵᠠᠷ ᠢ ᠲᠡᠭᠰᠢᠯᠡᠪᠡ᠃ 694 ᠮᠦ ᠬᠠᠪᠲᠠᠭᠠᠢ ᠬᠦᠢᠯᠡᠰᠦ ᠶᠢ ᠥᠭᠡᠷᠡᠴᠢᠯᠡᠨ  ᠵᠠᠯᠭᠠᠵᠤ  ᠭᠤᠤᠷᠰᠤ ᠲᠡᠭᠰᠢᠯᠡᠵᠦ᠂ ᠠᠷᠠᠴᠢᠯᠠᠨ ᠪᠤᠶᠢᠵᠢᠭᠤᠯᠬᠤ᠂ ᠬᠦᠷᠢᠶᠡᠯᠡᠨ ᠪᠢᠲᠡᠭᠦᠮᠵᠢᠯᠡᠬᠦ ᠶᠢᠨ ᠡᠮᠦᠨᠡᠬᠢ ᠬᠤᠭᠤᠴᠠᠭᠠᠨ ᠤ ᠠᠵᠢᠯ ᠢ ᠪᠡᠶᠡᠯᠡᠭᠦᠯᠵᠦ᠂ ᠯᠢᠦ ᠳ᠋ᠣᠣ ᠸᠠᠨ ᠽᠢ ᠲᠣᠰᠬᠤᠨ᠂ ᠰᠢᠶᠣᠣ ᠾᠧ ᠶᠠᠨ ᠲᠣᠰᠬᠤᠨ ᠤ ᠭᠤᠣᠯᠳᠠᠯᠭ᠎ᠠ ᠲᠠᠢ ᠲᠣᠰᠬᠤᠨ ᠤ ᠨᠣᠭᠤᠭᠠᠷᠠᠭᠤᠯᠤᠯᠲᠠ ᠶᠢᠨ ᠠᠵᠢᠯ ᠢ  ᠪᠠᠶᠠᠯᠠᠭᠦᠯᠪᠡ᠃ 10 ᠬᠡᠰᠡᠭ ᠨᠤᠲᠤᠭ ᠪᠡᠯᠴᠢᠭᠡᠷ᠂ 36 ᠬᠡᠰᠡᠭ ᠣᠶᠢᠲᠤ ᠭᠠᠵᠠᠷ ᠤᠨ ᠲᠣᠭᠲᠠᠭᠠᠯ ᠠᠴᠠ ᠵᠥᠷᠢᠴᠡᠭᠰᠡᠨ ᠵᠢᠷᠤᠭ ᠤᠨ ᠲᠣᠯᠪᠤ ᠶᠢ ᠴᠡᠭᠴᠡᠯᠡᠨ ᠵᠠᠰᠠᠵᠤ ᠰᠡᠷᠭᠦᠭᠡᠬᠦ ᠠᠵᠢᠯ ᠢ ᠪᠡᠶᠡᠯᠡᠭᠦᠯᠪᠡ᠃ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠴᠢᠩᠭ᠎ᠠ ᠠᠳᠬᠤᠵᠤ᠂ ᠪᠥᠬᠦ ᠪᠠᠯᠭᠠᠰᠤ ᠪᠠᠷ ᠢᠶᠠᠨ ᠭᠠᠮᠰᠢᠭ ᠲᠤ ᠳᠠᠭᠠᠷᠢᠭᠳᠠᠬᠤ ᠦᠭᠡᠢ ᠪᠠᠶᠢᠳᠠᠯ ᠢ ᠪᠠᠶᠡᠯᠡᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号