| ᠣᠶᠢᠷ᠎ᠠ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠠᠵᠤ ᠦᠶᠢᠯᠡᠰᠵᠢᠯᠲᠡ ᠶᠢᠨ ᠳᠠᠭᠠᠭᠤᠯᠤᠭᠴᠢ ᠠᠵᠤ | ᠠᠬᠤᠶᠢᠯᠠᠯ ᠤᠨ ᠨᠡᠶᠢᠭᠡᠮᠯᠢᠭ ᠤᠨ ᠳᠡᠳ᠋ ᠳᠠᠷᠤᠭ᠎ᠠ ᠯᠢᠦ ᠶᠢᠩ ᠵᠢᠶᠧ᠂ ᠳᠤᠮᠳᠠᠳᠤ ᠤᠯᠤᠰ ᠤᠨ ᠠᠮᠤ ᠪᠤᠳᠠᠭᠠᠨ ᠤ | ᠢᠲᠡᠭᠡᠮᠵᠢᠲᠦ ᠨᠠᠶᠢᠳᠠᠯᠭ᠎ᠠ ᠶᠢᠨ ᠳᠡᠳ᠋ ᠶᠡᠷᠦᠩᠬᠡᠢ ᠳᠠᠭᠠᠭᠠᠮᠠᠯ ᠴᠧᠨ ᠵᠥᠩ ᠨᠠᠷ ᠮᠠᠨ ᠤ ᠬᠤᠰᠢᠭᠤᠨ ᠳᠤ ᠢᠷᠡᠵᠦ | ᠨᠠᠷᠢᠮᠤ ᠶᠢᠨ ᠠᠵᠤ ᠦᠢᠯᠡᠰ ᠢ ᠰᠢᠨᠵᠢᠯᠡᠨ ᠪᠠᠶᠢᠴᠠᠭᠠᠪᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ᠂ ᠬᠤᠰᠢᠭᠤᠨ ᠤ ᠵᠠᠰᠠᠭ ᠤᠨ ᠣᠷᠳᠣᠨ ᠤ ᠳᠡᠳ᠋ | ᠳᠠᠷᠤᠭ᠎ᠠ ᠵᠢᠢ ᠰᠢᠦᠢ ᠳ᠋ᠦᠩ ᠨᠠᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | ᠯᠢᠦ ᠶᠢᠩ ᠵᠢᠶᠧ ᠨᠠᠷ ᠤᠷᠢᠳ ᠬᠤᠵᠢᠳ ᠠᠤᠬᠠᠨ ᠬᠤᠰᠢᠭᠤᠨ ᠤ ᠲᠠᠷᠢᠶᠠᠯᠠᠩ ᠤᠨ ᠨᠠᠷᠢᠮᠤ ᠶᠢᠨ ᠠᠵᠤ | ᠦᠢᠯᠡᠰ ᠤᠨ ᠬᠥᠭᠵᠢᠯᠲᠡ ︵ᠪᠦᠯᠦᠭᠯᠡᠯ︶ ᠶᠢᠨ ᠬᠢᠵᠠᠭᠠᠷᠲᠤ ᠺᠣᠮᠫᠠᠨᠢ᠂ ᠠᠤᠬᠠᠨ ᠬᠤᠰᠢᠭᠤᠨ ᠤ ᠣᠶᠤᠨᠲᠤ | ᠲᠠᠷᠢᠶᠠᠯᠠᠩ ᠤᠨ ᠲᠣᠮᠣ ᠳ᠋ᠠᠶᠢᠲ᠋ᠠ ᠶᠢᠨ ᠲᠥᠪ᠂ ᠠᠤᠬᠠᠨ ᠬᠤᠰᠢᠭᠤᠨ ᠤ ᠬᠤᠢ ᠯᠦᠩ ᠬᠤᠯᠢᠮᠠᠭ ᠠᠮᠤ ᠳᠠᠷᠢᠬᠤ | ᠲᠤᠰᠬᠠᠢ ᠬᠤᠷᠰᠢᠶ᠎ᠠ᠂ ᠥᠪᠥᠷ ᠮᠣᠩᠭᠤᠯ ᠤᠨ ᠢᠦᠢ ᠶᠠᠨ ᠲᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ᠂ ᠱᠢ ᠶᠤᠸᠡᠢ ᠳ᠋ᠣᠣ ᠲᠢᠶᠠᠨ ᠠᠤᠬᠠᠨ ᠬᠤᠰᠢᠭᠤᠨ ᠤ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠᠷ ᠪᠠᠶᠢᠴᠠᠭᠠᠨ ᠰᠤᠳᠤᠯᠤᠯᠲᠠ ᠬᠢᠵᠡᠢ᠃ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠬᠡᠯᠪᠡᠷᠢ ᠪᠠᠷ ᠳᠠᠮᠵᠢᠭᠤᠯᠤᠨ᠂ | ᠮᠠᠨ ᠤ ᠬᠤᠰᠢᠭᠤᠨ ᠤ ᠨᠠᠷᠢᠮᠤ ᠶᠢᠨ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ ᠪᠠ ᠡᠯᠳᠡᠪ ᠠᠮᠤ ᠶᠢ ᠨᠠᠷᠢᠯᠢᠭ | ᠪᠣᠯᠪᠠᠰᠤᠷᠠᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ | ᠬᠦᠷᠦᠭᠰᠡᠨ ᠭᠠᠵᠠᠷ ᠪᠣᠯᠭᠠᠨ ᠳᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠬᠠᠮᠢᠶ᠎ᠠ ᠪᠦᠬᠦᠢ | ᠬᠠᠷᠢᠭᠤᠴᠠᠯᠭᠠᠲᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠠᠵᠤ | ᠠᠬᠤᠶᠢᠯᠠᠯ ᠤᠨ ᠬᠠᠷᠢᠭᠤᠴᠠᠯᠭᠠᠲᠠᠨ᠂ ᠬᠠᠮᠢᠶ᠎ᠠ ᠪᠦᠬᠦᠢ ᠠᠵᠢᠯᠯᠠᠭᠰᠠᠳ ᠲᠠᠢ ᠰᠠᠨᠠᠯ ᠢᠶᠠᠨ ᠰᠣᠯᠢᠯᠴᠠᠨ ᠶᠠᠷᠢᠯᠴᠠᠵᠤ᠂ | ᠠᠤᠬᠠᠨ ᠤ ᠨᠠᠷᠢᠮᠤ ᠶᠢᠨ ᠬᠥᠭᠵᠢᠯᠲᠡ ᠶᠢᠨ ᠶᠠᠪᠤᠴᠠ᠂ ᠣᠳᠣᠬᠠᠨ ᠤ ᠦᠷ᠎ᠡ ᠪᠦᠲᠦᠭᠡᠯ ᠵᠢᠴᠢ ᠬᠤᠷᠰᠢᠶ᠎ᠠ᠂ ᠠᠵᠤ | ᠠᠬᠤᠶᠢᠯᠠᠯ ᠤᠨ ᠡᠵᠡᠩᠨᠡᠯᠲᠡ ᠶᠢᠨ ᠵᠠᠭᠪᠤᠷ᠂ ᠨᠠᠷᠢᠮᠤ ᠶᠢᠨ ᠳᠠᠭᠠᠯᠳᠤᠪᠤᠷᠢ ᠪᠦᠲᠦᠭᠡᠭᠳᠡᠬᠦᠨ ᠢ ᠰᠤᠳᠤᠯᠤᠨ ᠨᠡᠭᠡᠭᠡᠭᠰᠡᠨ | ᠪᠠ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠡᠷᠭᠡ ᠶᠢ ᠭᠦᠨᠵᠡᠭᠡᠢ | ᠣᠶᠢᠯᠠᠭᠠᠪᠠ᠃ | ᠶᠠᠷᠢᠯᠴᠠᠬᠤ ᠬᠤᠷᠠᠯ ᠳᠡᠭᠡᠷ᠎ᠡ ᠯᠢᠦ ᠶᠢᠩ ᠵᠢᠶᠧ ᠵᠢᠭᠠᠵᠤ ᠭᠠᠷᠭᠠᠭᠰᠠᠨ ᠨᠢ᠂ ᠠᠤᠬᠠᠨ ᠬᠤᠰᠢᠭᠤᠨ ᠤ ᠨᠠᠷᠢᠮᠤ | ᠪᠤᠳᠠᠭ᠎ᠠ ᠪᠠᠷ ᠭᠤᠣᠯ ᠪᠣᠯᠭᠠᠭᠰᠠᠨ ᠠᠵᠤ ᠦᠢᠯᠡᠰ ᠤᠨ ᠬᠥᠭᠵᠢᠯᠲᠡ ᠶᠢᠨ ᠵᠠᠮ ᠪᠣᠯ ᠠᠤᠬᠠᠨ ᠬᠤᠰᠢᠭᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠡᠬᠢ ᠪᠠᠶᠠᠯᠢᠭ ᠤᠨ ᠪᠣᠳᠠᠲᠠᠢ ᠲᠠᠢ ᠭᠦᠢᠴᠡᠳ ᠤᠶᠠᠯᠳᠤᠭᠤᠯᠤᠭᠰᠠᠨ ᠤ ᠳᠠᠷᠠᠭᠠᠬᠢ | ᠰᠣᠩᠭᠤᠯᠲᠠ ᠮᠥᠨ᠃ ᠲᠡᠷᠡ ᠰᠠᠨᠠᠭᠤᠯᠬᠤ ᠳᠠᠭᠠᠨ᠂ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ | ᠴᠢᠨᠠᠷᠲᠠᠢ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠠᠵᠢᠯ ᠢ ᠰᠠᠶᠢᠲᠤᠷ ᠬᠢᠵᠦ᠂ ᠰᠠᠶᠢᠨ ᠪᠦᠲᠦᠭᠡᠭᠳᠡᠬᠦᠨ ᠳᠤ | ᠰᠠᠶᠢᠨ ᠤᠬᠠᠭᠤᠯᠭ᠎ᠠ ᠲᠠᠢ ᠪᠠᠶᠢᠬᠤ ᠬᠡᠷᠡᠭᠲᠡᠢ᠂ ᠨᠠᠷᠠᠲᠤ ᠲᠥᠷᠥᠯ ᠲᠡᠮᠳᠡᠭᠲᠦ ᠶᠢᠨ ᠬᠦᠴᠦᠨ ᠲᠠᠢ ᠠᠵᠤ ᠦᠢᠯᠡᠰ | ᠰᠠᠶ᠋ᠢ ᠦᠷᠭᠦᠯᠵᠢᠯᠡᠨ ᠬᠥᠭᠵᠢᠵᠦ ᠴᠢᠳᠠᠨ᠎ᠠ᠃ ᠠᠤᠬᠠᠨ ᠬᠤᠰᠢᠭᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ | ᠳᠡᠭᠡᠷ᠎ᠡ ᠬᠦᠴᠦ ᠲᠠᠯᠪᠢᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠠᠵᠤ ᠠᠬᠤᠶᠢᠯᠠᠯ ᠢᠶᠠᠷ ᠬᠠᠮᠵᠢᠯᠴᠠᠬᠤ | ᠠᠷᠭ᠎ᠠ ᠬᠡᠯᠪᠡᠷᠢ ᠪᠠᠷ ᠰᠢᠯᠢᠳᠡᠭ ᠰᠠᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠬᠦ ᠬᠡᠷᠡᠭᠲᠡᠢ ᠭᠡᠪᠡ᠃ | ᠲᠡᠷᠡ ᠪᠠᠰᠠ᠂ ᠳᠤᠮᠳᠠᠳᠤ ᠤᠯᠤᠰ ᠤᠨ ᠬᠥᠳᠡᠭᠡ ᠠᠵᠤ ᠠᠬᠤᠢ ᠶᠢᠨ ᠠᠵᠤ ᠦᠢᠯᠡᠰᠵᠢᠯᠲᠡ ᠶᠢᠨ | ᠳᠠᠭᠠᠭᠤᠯᠤᠭᠴᠢ ᠠᠵᠤ ᠠᠬᠤᠶᠢᠯᠠᠯ ᠤᠨ ᠨᠡᠶᠢᠭᠡᠮᠯᠢᠭ ᠤᠨ ᠬᠢᠨ ᠲᠠᠪᠴᠠᠩ ᠤᠨ ᠳᠠᠪᠠᠭᠤᠯᠢᠭ ᠢᠶᠠᠨ ᠪᠠᠳᠠᠷᠠᠭᠤᠯᠵᠤ᠂ | ᠠᠤᠬᠠᠨ ᠤ ᠠᠵᠤ ᠦᠢᠯᠡᠰ ᠤᠨ ᠬᠥᠭᠵᠢᠯᠲᠡ ᠳᠤ ︽ᠤᠬᠠᠭᠤᠯᠤᠭᠴᠢ︾ ᠶᠢᠨ ᠠᠵᠢᠯ ᠢ ᠰᠠᠶᠢᠲᠤᠷ ᠬᠢᠵᠦ᠂ | ᠠᠤᠬᠠᠨ ᠢ ᠢᠳᠡᠪᠬᠢᠲᠡᠢ ᠤᠬᠠᠭᠤᠯᠤᠨ ᠲᠠᠨᠢᠯᠴᠠᠭᠤᠯᠵᠤ᠂ ᠠᠤᠬᠠᠨ ᠤ ᠠᠵᠤ ᠠᠬᠤᠶᠢᠯᠠᠯ᠂ ᠠᠤᠬᠠᠨ ᠤ | ᠪᠦᠲᠦᠭᠡᠭᠳᠡᠬᠦᠨ ᠢ ᠲᠠᠨᠢᠯᠴᠠᠭᠤᠯᠬᠤ ᠬᠡᠷᠡᠭᠲᠡᠢ︔ ᠨᠡᠶᠢᠭᠡᠮᠯᠢᠭ ᠠᠴᠠ ︽ᠵᠠᠭᠤᠴᠢ︾ ᠶᠢᠨ ᠳᠦᠷᠢ ᠶᠢ ᠰᠠᠶᠢᠲᠤᠷ | ᠬᠢᠵᠦ᠂ ᠠᠤᠬᠠᠨ ᠤ ᠳᠠᠪᠠᠭᠤᠯᠢᠭ ᠡᠬᠢ ᠪᠠᠶᠠᠯᠢᠭ ᠢ ᠨᠠᠩ ᠥᠷᠭᠡᠨ ᠳᠡᠯᠭᠡᠷ ᠵᠠᠬ᠎ᠠ ᠳᠡᠯᠭᠡᠭᠦᠷ ᠤᠨ ᠦᠵᠦᠭᠦᠷ ᠲᠤ | ᠢᠳᠡᠪᠬᠢᠲᠡᠢ ᠲᠠᠨᠢᠯᠴᠠᠭᠤᠯᠵᠤ᠂ ᠠᠤᠬᠠᠨ ᠤ ᠲᠠᠷᠢᠶᠠᠯᠠᠩ ᠤᠨ ᠪᠦᠲᠦᠭᠡᠭᠳᠡᠬᠦᠨ ᠤ ᠠᠭᠤᠯᠠᠨ ᠠᠴᠠ ᠭᠠᠷᠬᠤ ᠳᠤ | ᠬᠥᠭᠦᠷᠭᠡ ᠬᠤᠯᠪᠣᠭᠠᠰᠤ ᠪᠣᠯᠬᠤ ᠬᠡᠷᠡᠭᠲᠡᠢ ᠭᠡᠵᠦ ᠰᠠᠨᠠᠯ ᠢᠶᠠᠨ ᠢᠯᠡᠳᠭᠡᠪᠡ᠃ | ᠵᠢᠢ ᠰᠢᠦᠢ ᠳ᠋ᠦᠩ ᠨᠡᠶᠢᠭᠡᠮᠯᠢᠭ ᠤᠨ ᠬᠢᠨ ᠤ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ | ᠢᠯᠡᠳᠬᠡᠬᠦ ᠶᠢᠨ ᠬᠠᠮᠲᠤ ᠳᠤᠮᠳᠠᠳᠤ ᠤᠯᠤᠰ ᠤᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠳᠠᠭᠠᠭᠤᠯᠤᠭᠴᠢ ᠠᠵᠤ | ᠠᠬᠤᠶᠢᠯᠠᠯ ᠤᠨ ᠨᠡᠶᠢᠭᠡᠮᠯᠢᠭ ᠤᠨ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠲᠠᠪᠴᠠᠩ ᠢ ᠠᠰᠢᠭᠯᠠᠵᠤ᠂ ᠨᠡᠩ | ᠤᠯᠠᠨ ᠰᠢᠯᠢᠳᠡᠭ ᠠᠵᠤ ᠠᠬᠤᠶᠢᠯᠠᠯ ᠤᠨ ᠠᠤᠬᠠᠨ ᠬᠤᠰᠢᠭᠤᠨ ᠳᠤ ᠢᠷᠡᠵᠤ ᠲᠣᠭᠤᠷᠢᠨ ᠦᠵᠡᠬᠦ ᠶᠢ ᠠᠬᠢᠭᠤᠯᠵᠤ᠂ | ᠮᠠᠨ ᠤ ᠬᠤᠰᠢᠭᠤᠨ ᠤ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠢ ᠠᠤᠬᠠᠨ ᠬᠤᠰᠢᠭᠤᠨ ᠠᠴᠠ ᠭᠠᠷᠭᠠᠵᠤ᠂ ᠪᠦᠬᠦ | ᠤᠯᠤᠰ ᠲᠤ ᠭᠠᠷᠬᠤ ᠶᠢ ᠬᠦᠰᠡᠵᠦ ᠪᠠᠶᠢᠨ᠎ᠠ ᠭᠡᠪᠡ᠃ | ᠮᠠ ᠯᠢ ᠬᠤᠸᠠ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠦᠷᠴᠦ ᠢᠷᠡᠭᠰᠡᠨ ᠨᠢ ᠠᠤᠬᠠᠨ ᠤ ᠬᠥᠳᠡᠭᠡ ᠠᠵᠤ | ᠠᠬᠤᠢ ᠳᠤ ᠬᠥᠭᠵᠢᠯᠲᠡ ᠶᠢᠨ ᠬᠥᠭᠦᠷᠭᠡ ᠲᠠᠯᠪᠢᠵᠤ ᠥᠭᠴᠡᠢ᠃ ᠠᠵᠤ ᠠᠬᠤᠶᠢᠯᠠᠯᠲᠠᠳ ᠤᠨ ᠳᠤᠷᠠᠳᠤᠭᠰᠠᠨ ᠰᠠᠶᠢᠨ | ᠰᠠᠶᠢᠬᠠᠨ ᠰᠠᠨᠠᠯ ᠢ ᠠᠤᠬᠠᠨ ᠨᠠᠷᠢᠨ ᠬᠢᠨᠠᠮᠠᠭᠠᠢ ᠰᠤᠷᠤᠯᠴᠠᠵᠤ᠂ ᠳᠣᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ | ᠪᠠᠰᠠ ᠳᠤᠮᠳᠠᠳᠤ ᠤᠯᠤᠰ ᠤᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠳᠠᠭᠠᠭᠤᠯᠤᠭᠴᠢ ᠠᠵᠤ ᠠᠬᠤᠶᠢᠯᠠᠯ ᠤᠨ | ᠨᠡᠶᠢᠭᠡᠮᠯᠢᠭ ᠤᠨ ᠬᠢᠨ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠠᠤᠬᠠᠨ ᠢ | ᠦᠷᠭᠦᠯᠵᠢᠯᠡᠨ ᠬᠠᠶᠢᠷᠠᠯᠠᠨ ᠬᠠᠯᠠᠮᠵᠢᠯᠠᠵᠤ᠂ ᠠᠤᠬᠠᠨ ᠢ ᠲᠡᠮᠵᠢᠵᠤ᠂ ᠠᠤᠬᠠᠨ ᠢ ᠬᠠᠪᠰᠤᠷᠤᠨ ᠬᠥᠭᠦᠷᠭᠡ ᠬᠤᠯᠪᠣᠭᠠᠰᠤ | ᠪᠣᠯᠵᠤ᠂ ᠨᠡᠩ ᠤᠯᠠᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠳᠠᠭᠠᠭᠤᠯᠤᠭᠴᠢ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ ᠠᠤᠬᠠᠨ ᠳᠤ ᠣᠷᠤᠩᠨᠠᠨ ᠨᠣᠲᠤᠭᠰᠢᠵᠤ᠂ ᠠᠤᠬᠠᠨ ᠤ ᠲᠠᠷᠢᠶᠠᠯᠠᠩ ᠤᠨ ᠠᠵᠤ | ᠦᠢᠯᠡᠰᠵᠢᠯᠲᠡ ᠶᠢᠨ ᠲᠠᠪᠠᠯᠳᠠᠳᠤ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ᠃ ᠣᠳᠣᠬᠠᠨ ᠳᠤ ᠠᠤᠬᠠᠨ | ᠬᠤᠰᠢᠭᠤᠨ ᠤ ᠬᠠᠳᠠᠭᠠᠯᠠᠮᠵᠢ ᠶᠢᠨ ᠬᠡᠮᠵᠢᠶ᠎ᠡ ᠶᠢ ᠠᠮᠢᠳᠤᠯᠢᠭ ᠪᠣᠯᠭᠠᠵᠤ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ ᠳᠤ | ᠠᠵᠤ ᠠᠬᠤᠶᠢᠯᠠᠯᠲᠠᠨ ᠲᠠᠢ ᠪᠥᠬᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠬᠦ ᠴᠢᠬᠤᠯᠠᠲᠠᠢ᠂ ᠠᠤᠬᠠᠨ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠤ ᠬᠠᠮᠤᠭ ᠤᠨ ᠶᠡᠭᠡ ᠬᠠᠯᠠᠭᠤᠨ ᠰᠡᠳᠬᠢᠯᠭᠡ ᠪᠠᠷ ᠦᠢᠯᠡᠴᠢᠯᠡᠭᠡᠨ ᠤ | ᠠᠵᠢᠯ ᠢᠶᠠᠨ ᠰᠠᠶᠢᠲᠤᠷ ᠬᠢᠨ᠎ᠡ ᠭᠡᠵᠦ ᠴᠢᠬᠤᠯᠠᠴᠢᠯᠠᠪᠠ᠃ |