2022 ᠣᠨ ᠳᠤ ᠠᠤᠬᠠᠨ ᠬᠤᠰᠢᠭᠤᠨ ᠤ ᠴᠢᠨᠠᠷ ᠰᠠᠶᠢᠲᠠᠢ ᠠᠵᠤ ᠠᠬᠤᠶᠢᠯᠠᠯ ᠢ ᠪᠤᠶᠢᠵᠢᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2023/2/9
     2022 ᠣᠨ ᠳᠤ᠂ ᠠᠤᠬᠠᠨ ᠬᠤᠰᠢᠭᠤ ᠰᠢ ᠶᠢᠨ ᠫᠢᠩ ᠶᠡᠷᠦᠩᠬᠡᠢ ᠱᠦᠵᠢ ᠶᠢᠨ ᠨᠢᠭᠡ ᠪᠦᠯᠦᠭ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠣᠭᠤᠰᠢᠯᠠᠭᠤᠯᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ︽ᠴᠢᠨᠠᠷ ᠰᠠᠶᠢᠲᠠᠢ ᠳᠤᠮᠳᠠ ᠵᠢᠵᠢᠭ ᠠᠵᠤ ᠠᠬᠤᠶᠢᠯᠠᠯ ᠤᠨ ᠱᠠᠲᠤᠴᠢᠯᠠᠨ ᠪᠤᠶᠢᠵᠢᠭᠤᠯᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾᠂ ᠥᠪᠡᠷᠲᠡᠭᠡᠨ ᠵᠠᠰᠠᠬᠤ ᠣᠷᠣᠨ ᠤ ︽ᠴᠢᠨᠠᠷ ᠰᠠᠶᠢᠲᠠᠢ ᠳᠤᠮᠳᠠ ᠵᠢᠵᠢᠭ ᠠᠵᠤ ᠠᠬᠤᠶᠢᠯᠠᠯ ᠤᠨ ᠱᠠᠲᠤᠴᠢᠯᠠᠨ ᠪᠤᠶᠢᠵᠢᠭᠤᠯᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ᠤᠨ ᠱᠠᠭᠠᠷᠳᠠᠯᠭ᠎ᠠ ᠶᠣᠰᠣᠭᠠᠷ᠂ 2022 ᠣᠨ ᠤ ︽ᠰᠢᠨ᠎ᠡ ᠶᠢ ᠡᠭᠦᠳᠬᠦ ᠬᠡᠯᠪᠡᠷᠢ︾ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠤᠨ ᠡᠮᠦᠨᠡᠬᠢ ᠬᠤᠭᠤᠴᠠᠭᠠᠨ ᠤ ᠪᠤᠶᠢᠵᠢᠭᠤᠯᠤᠯᠲᠠ ᠶᠢ ᠭᠤᠶᠤᠴᠢᠯᠠᠨ ᠮᠡᠳᠡᠭᠦᠯᠬᠦ ᠠᠵᠢᠯ ᠢ ᠢᠳᠡᠪᠬᠢᠲᠡᠢ ᠥᠷᠨᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠪᠥᠬᠦ ᠬᠤᠰᠢᠭᠤᠨ ᠤ ᠳᠤᠮᠳᠠ ᠵᠢᠵᠢᠭ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ  ᠠᠬᠢᠭᠤᠯᠪᠠ᠃ ᠱᠠ ᠮᠥᠸᠧ ᡁᠢ ᠬᠤᠸᠠ ᠬᠢᠵᠠᠭᠠᠷᠲᠤ ᠺᠣᠮᠫᠠᠨᠢ ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢᠶᠠᠷ ᠦᠨᠡᠯᠡᠭᠳᠡᠵᠦ᠂ ᠪᠥᠸᠧ ᠳ᠋ᠡ ᠴᠠᠶᠢᠷ ᠤᠨ ᠢᠰᠦᠯ ᠤᠨ ᠬᠢᠵᠠᠭᠠᠷᠲᠤ ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠦᠨᠡᠯᠡᠭᠳᠡᠵᠦ᠂ ᠥᠪᠡᠷᠲᠡᠭᠡᠨ ᠵᠠᠰᠠᠬᠤ ᠣᠷᠣᠨ ᠤ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 70 ᠲᠦᠮᠡᠨ ᠲᠥᠭᠦᠷᠢᠭ ᠬᠦᠷᠲᠡᠵᠦ᠂ ᠠᠤᠬᠠᠨ ᠬᠤᠰᠢᠭᠤᠨ ᠤ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠦᠭᠡᠢ ᠪᠣᠯᠤᠭᠰᠠᠨ ᠰᠢᠪᠲᠤᠯᠤᠯᠲᠠ ᠶᠢ ᠪᠡᠶᠡᠯᠡᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号