| 2 ᠰᠠᠷ᠎ᠠ ᠶᠢᠨ 7 ᠤ ᠡᠳᠦᠷ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠲᠢᠶᠠᠨ ᠴᠧᠨ ᠭᠤᠸᠠᠩ ᠮᠠᠨ ᠤ | ᠬᠤᠰᠢᠭᠤᠨ ᠳᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ | ᠰᠣᠳᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ | ᠳᠠᠷᠤᠭ᠎ᠠ ᠮᠠ ᠯᠢ ᠬᠤᠸᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ | ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠧᠦ ᠵᠠᠨ ᠯᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠭᠤᠣᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | ᠲᠢᠶᠠᠨ ᠴᠧᠨ ᠭᠤᠸᠠᠩ ᠲᠥᠪ ᠤᠨ ᠨᠥᠭᠡᠴᠡ ᠠᠮᠤ ᠪᠤᠳᠠᠭᠠᠨ ᠤ ᠠᠤᠬᠠᠨ ᠤ ᠬᠤᠪᠢᠶᠠᠷᠢ ᠺᠣᠮᠫᠠᠨᠢ ᠶᠢᠨ ᠠᠮᠤ | ᠪᠤᠳᠠᠭᠠᠨ ᠤ ᠬᠥᠮᠥᠷᠭᠡᠯᠡᠯᠲᠡ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠂ ᠬᠤᠸᠠ ᠷᠦᠢ ᠰᠠᠯᠬᠢᠨ ᠬᠦᠴᠦᠨ ᠤ | ᠴᠠᠬᠢᠯᠭᠠᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠤᠨ ᠲᠥᠷᠥᠯ | ᠵᠦᠢᠯ᠂ ᠤᠯᠠᠭᠠᠨᠬᠠᠳᠠ ᠶᠢᠨ ᠯᠦᠩ ᠵᠦ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠶᠢᠨ ᠵᠢᠯ ᠳᠤ 15 ᠲᠦᠮᠡᠨ | ᠲᠣᠨ ᠮᠠᠰᠢᠨ ᠲᠡᠷᠭᠡᠨ ᠤ ᠲᠣᠷᠮᠣᠰᠯᠠᠭᠤᠷ ︵ᠲᠣᠷᠣᠮᠰᠤᠯᠠᠭᠤᠷ︶ ᠦᠢᠯᠡᠳᠪᠦᠷᠢᠯᠡᠬᠦ ᠦᠢᠯᠡᠳᠪᠦᠷᠢᠯᠡᠯ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ᠂ ᠯᠦᠩ ᠲᠠᠢ ᠳ᠋ᠢ ᠳᠠᠮᠵᠢᠭᠤᠯᠬᠤ ᠬᠤᠭᠤᠯᠠᠢ ᠶᠢᠨ ᠪᠣᠷᠤᠯᠠᠭᠤᠯᠭ᠎ᠠ ᠶᠢᠨ | ᠬᠢᠵᠠᠭᠠᠷᠲᠤ ᠺᠣᠮᠫᠠᠨᠢ ᠶᠢᠨ ᠵᠢᠯ ᠳᠤ 20 ᠲᠦᠮᠡᠨ ᠲᠣᠨ ᠳᠠᠷᠤᠯᠲᠠᠲᠤ ᠪᠣᠯᠣᠳ ᠬᠤᠭᠤᠯᠠᠢ ᠶᠢᠨ ᠲᠥᠷᠥᠯ ᠵᠦᠢᠯ᠂ | ᠵᠥᠩ ᠤᠣ ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠤᠬᠠᠢ ᠶᠢᠨ ᠲᠠᠯᠠᠪᠤᠷ ᠲᠤ ᠂ | ᠲᠢᠶᠠᠨ ᠴᠧᠨ ᠭᠤᠸᠠᠩ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠦᠷᠦᠯ ᠵᠦᠢᠯ ᠢ ᠥᠷᠨᠢᠭᠦᠯᠦᠭᠰᠡᠨ | ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠡᠯ᠎ᠡ ᠭᠤᠣᠯᠳᠠᠯᠭ᠎ᠠ ᠲᠠᠢ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ᠂ | ᠬᠥᠭᠵᠢᠯᠲᠡ ᠶᠢᠨ ᠢᠷᠡᠭᠡᠳᠦᠢ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠨᠠᠷᠢᠨ ᠣᠶᠢᠯᠠᠭᠠᠪᠠ᠃ | | ᠲᠢᠶᠠᠨ ᠴᠧᠨ ᠭᠤᠸᠠᠩ ᠮᠠᠨ ᠤ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠬᠢᠭᠰᠡᠨ ᠠᠵᠢᠯ ᠪᠣᠯᠣᠨ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠵᠠᠢ᠃ ᠲᠡᠷᠡ | ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠪᠠᠷᠢᠯᠭ᠎ᠠ ᠶᠢᠨ ᠨᠢᠭᠡᠴᠡ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠬᠢᠨᠠᠯᠲᠠ | ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠯᠭ᠎ᠠ ᠶᠢᠨ ᠠᠵᠢᠯ ᠢᠶᠠᠨ ᠲᠦᠷᠭᠡᠳᠬᠡᠵᠦ᠂ ᠶᠠᠰᠤ | ᠴᠢᠨᠠᠷ ᠢ ᠪᠠᠲᠤᠯᠠᠬᠤ ᠶᠢᠨ ᠬᠠᠮᠲᠤ ᠪᠠᠷᠢᠯᠭ᠎ᠠ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠪᠠᠨ | ᠴᠢᠩᠭᠠᠳᠬᠠᠬᠤ ᠬᠡᠷᠡᠭᠲᠡᠢ ᠃ ᠨᠢᠭᠡᠨᠲᠡ ᠦᠢᠯᠡᠳᠪᠦᠷᠢᠯᠡᠵᠦ ᠡᠬᠢᠯᠡᠭᠰᠡᠨ ᠠᠵᠤ ᠠᠬᠤᠶᠢᠯᠠᠯ ᠤᠳ ᠦᠢᠯᠡᠳᠪᠦᠷᠢᠯᠡᠯ ᠤᠨ | ᠴᠠᠭ ᠲᠣᠬᠢᠶᠠᠯ ᠢ ᠠᠮᠵᠢᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠢ ᠨᠡᠭᠡᠭᠡᠬᠦ ᠵᠡᠷᠭᠡ | ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢᠶᠠᠨ ᠲᠠᠰᠤᠷᠠᠯᠳᠠ | ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃ | ᠲᠢᠶᠠᠨ ᠴᠧᠨ ᠭᠤᠸᠠᠩ ᠄ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠮᠥᠨ᠂ ᠮᠥᠨ ᠴᠦ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠪᠠ ᠠᠷᠠᠳ ᠣᠯᠠᠨ ᠤ ᠠᠷᠠᠳ ᠤᠨ ᠠᠮᠢᠳᠤᠷᠠᠯ ᠤᠨ ᠠᠵᠠ ᠵᠢᠷᠭᠠᠯ ᠳᠤ ᠬᠤᠯᠪᠣᠭᠳᠠᠵᠤ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠷᠥᠯ ᠵᠦᠢᠯ ᠤᠨ ᠡᠯ᠎ᠡ ᠭᠤᠭᠴᠤᠭ᠎ᠠ ᠶᠢᠨ ᠵᠣᠯᠭᠠᠯᠴᠠᠭ᠎ᠠ ᠶᠢ | ᠴᠢᠩᠭ᠎ᠠ ᠠᠳᠬᠤᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ | ᠴᠢᠨᠠᠷ ᠤᠨ ᠲᠤᠬᠠᠢ ᠲᠠᠨᠢᠯᠲᠠ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠪᠣᠯᠣᠨ ᠪᠠᠷᠢᠯᠭ᠎ᠠ ᠶᠢᠨ | ᠲᠠᠯ᠎ᠠ ᠶᠢᠨ ᠬᠢᠨ ᠲᠠᠢ ᠢᠯᠡᠭᠦᠬᠡᠨ ᠨᠡᠪᠲᠡᠷᠡᠯᠴᠡᠵᠦ᠂ ᠢᠯᠡᠭᠦᠬᠡᠨ ᠰᠣᠯᠢᠯᠴᠠᠵᠤ᠂ ᠴᠠᠭ ᠲᠤᠬᠠᠢ ᠳᠤᠨᠢ ᠲᠡᠳᠡᠨ ᠤ | ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ | ᠪᠦᠲᠦᠮᠵᠢᠲᠡᠢ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠵᠤ᠂ | ᠡᠷᠲᠡᠬᠡᠨ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠨ ᠭᠠᠷᠭᠠᠪᠠ᠃ | |