| ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠷᠢᠭᠤᠴᠠᠯᠭ᠎ᠠ ᠪᠠᠨ ᠲᠣᠳᠣᠷᠬᠠᠶᠢᠯᠠᠨ᠂ | ᠡᠭᠦᠷᠭᠡ ᠪᠠᠨ ᠪᠣᠳᠠᠲᠠᠶᠢᠵᠢᠭᠤᠯᠵᠤ᠂ ᠳᠡᠭᠡᠷ᠎ᠡ ᠳᠣᠣᠷ᠎ᠠ ᠱᠠᠲᠤ ᠶᠢ ᠨᠡᠪᠲᠡᠷᠡᠭᠦᠯᠬᠦ᠂ ᠬᠦᠴᠦ ᠪᠠᠨ ᠬᠠᠮᠲᠤᠳᠬᠠᠨ | ᠪᠣᠭᠤᠮᠲᠠ ᠰᠢᠪᠲᠤᠯᠬᠤ ᠰᠠᠶᠢᠨ ᠰᠠᠶᠢᠬᠠᠨ ᠪᠠᠶᠢᠳᠠᠯ ᠢ ᠲᠦᠷᠭᠡᠨ ᠪᠣᠶ ᠪᠣᠯᠭᠠᠬᠤ ᠶᠢᠨ ᠲᠥᠯᠥᠭᠡ᠂ ᠬᠤᠯᠪᠣᠭᠳᠠᠯ | ᠪᠦᠬᠦᠢ ᠠᠵᠢᠯ ᠤᠨ ᠡᠭᠦᠷᠭᠡ ᠶᠢᠨ ᠥᠨᠳᠥᠷ ᠦᠷ᠎ᠡ ᠪᠦᠲᠦᠮᠵᠢ ᠲᠠᠢ᠂ ᠴᠢᠨᠠᠷ ᠰᠠᠶᠢᠲᠠᠢ ᠨᠠᠶᠢᠳᠠᠪᠤᠷᠢᠵᠢᠭᠤᠯᠤᠯᠲᠠ ᠶᠢ | ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ 2 ᠰᠠᠷ᠎ᠠ ᠶᠢᠨ 7 ᠤ ᠡᠳᠦᠷ᠂ ᠪᠥᠬᠦ ᠬᠤᠰᠢᠭᠤᠨ ᠤ | ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠪᠠᠶᠢᠳᠠᠯ ᠢ ᠣᠶᠢᠯᠠᠭᠠᠨ ᠪᠠᠶᠢᠴᠠᠭᠠᠬᠤ ᠪᠠᠶᠢᠷᠢᠯᠠᠭᠤᠯᠤᠯᠲᠠ ᠶᠢᠨ | ᠠᠵᠢᠯ ᠤᠨ ᠬᠤᠷᠠᠯ ᠬᠤᠷᠠᠯᠳᠤᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠢ ᠰᠢᠦᠢ ᠳ᠋ᠦᠩ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ | ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ︽ᠭᠤᠷᠪᠠ ᠶᠢ | ᠲᠣᠬᠢᠷᠠᠭᠤᠯᠬᠤ︾ ᠪᠠᠶᠢᠳᠠᠯ ᠤᠨ ᠲᠤᠬᠠᠢ ᠪᠠᠶᠢᠴᠠᠭᠠᠯᠲᠠ ᠶᠢᠨ ᠬᠠᠮᠢᠶ᠎ᠠ ᠪᠦᠬᠦᠢ ᠤᠴᠢᠷ ᠶᠠᠪᠤᠳᠠᠯ ᠢ ᠲᠣᠰ ᠲᠣᠰ | ᠲᠣᠬᠢᠷᠠᠭᠤᠯᠤᠨ ᠪᠠᠶᠢᠷᠢᠯᠠᠭᠤᠯᠪᠠ᠃ | ᠵᠢᠢ ᠰᠢᠦᠢ ᠳ᠋ᠦᠩ ᠂ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠵᠠᠪᠠᠯ ᠤᠯᠤᠰ ᠲᠦᠷᠦ ᠶᠢ ᠡᠷᠬᠢᠮᠯᠡᠬᠦ ᠳᠡᠭᠡᠳᠦ ᠬᠡᠮᠵᠢᠶᠡᠨ ᠠᠴᠠ | ᠲᠤᠰ ᠠᠵᠢᠯ ᠢ ᠴᠢᠷᠮᠠᠶᠢᠨ ᠪᠡᠶᠡᠯᠡᠭᠦᠯᠵᠦ ᠂ ᠲᠠᠷᠢᠶᠠᠨ ᠭᠠᠵᠠᠷ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ | ᠨᠢ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢ ᠤᠷᠲᠤᠳᠬᠠᠨ ᠳᠠᠭᠠᠭᠠᠴᠢᠯᠠᠭᠤᠯᠬᠤ ᠬᠤᠭᠤᠴᠠᠭ᠎ᠠ ᠨᠢ | ᠲᠤᠯᠤᠭᠰᠠᠨ ᠤ ᠳᠠᠷᠠᠭ᠎ᠠ ᠭᠠᠵᠠᠷ ᠰᠢᠷᠣᠢ ᠶᠢ ᠳᠠᠬᠢᠨ 30 ᠵᠢᠯ ᠤᠷᠲᠤᠳᠬᠠᠬᠤ ᠠᠵᠢᠯ ᠤᠨ ᠰᠠᠭᠤᠷᠢ ᠪᠣᠯᠤᠨ᠎ᠠ᠂ | ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠥᠨᠳᠥᠷ ᠪᠦᠲᠦᠮᠵᠢᠲᠡᠶ ᠠᠰᠢᠭᠯᠠᠯᠲᠠ ᠶᠢ ᠰᠠᠶᠢᠲᠤᠷ | ᠬᠢᠬᠦ ᠶᠢᠨ ᠦᠨᠳᠦᠰᠦᠨ ᠪᠠᠲᠤᠯᠠᠭ᠎ᠠ ᠮᠥᠨ᠂ ᠮᠠᠯᠵᠢᠬᠤ ᠲᠠᠷᠢᠶᠠᠯᠠᠬᠤ ᠣᠷᠣᠨ ᠤ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢᠨ ᠳᠣᠲᠣᠭᠠᠳᠤ ᠱᠠᠭᠠᠷᠳᠠᠯᠭ᠎ᠠ ᠮᠥᠨ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠨᠡᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ | ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠦᠨᠡᠨᠬᠦ ᠴᠢᠩᠭᠠᠳᠬᠠᠵᠤ᠂ ᠡᠷᠬᠡᠪᠰᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠵᠣᠬᠢᠰᠲᠠᠢ | ᠰᠢᠢᠳᠪᠦᠷᠢᠯᠡᠬᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ᠂ | ᠬᠥᠭᠵᠢᠯᠲᠡ ᠶᠢᠨ ᠣᠷᠣᠨ ᠵᠠᠢ ᠶᠢ ᠥᠷᠭᠡᠳᠬᠡᠬᠦ ᠡᠭᠦᠳᠡᠨ ᠠᠴᠠ ᠡᠭᠦᠰᠴᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠳᠠᠷᠤᠢ ᠲᠦᠷᠭᠡᠨ ᠬᠥᠳᠡᠯᠦᠯᠴᠡᠬᠦ ᠬᠡᠷᠡᠭᠲᠡᠢ᠃ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠭᠠᠷᠳᠠᠨ ᠬᠢᠵᠦ᠂ | ᠪᠡᠶ᠎ᠡ ᠪᠠᠷ ᠢᠶᠠᠨ ᠰᠤᠳᠤᠯᠵᠤ᠂ ᠪᠡᠶ᠎ᠡ ᠪᠠᠷ ᠢᠶᠠᠨ ᠪᠠᠶᠢᠴᠠᠭᠠᠨ ᠰᠢᠢᠳᠪᠦᠷᠢᠯᠡᠵᠦ᠂ ᠰᠢᠨ᠎ᠡ ᠪᠠᠷ ᠨᠡᠮᠡᠭᠳᠡᠭᠰᠡᠨ ᠲᠠᠷᠢᠶᠠᠨ | ᠭᠠᠵᠠᠷ ᠤᠨ ᠰᠢᠨᠵᠢ ᠴᠢᠨᠠᠷ ᠢ ᠲᠣᠭᠲᠠᠭᠠᠬᠤ᠂ ᠡᠷᠬᠡ ᠶᠢ ᠨᠤᠲᠠᠯᠠᠨ ᠲᠣᠭᠲᠠᠭᠠᠬᠤ᠂ ᠡᠵᠡᠩᠨᠡᠯᠲᠡ᠂ ᠬᠠᠮᠢᠶᠠᠷᠤᠯᠲᠠ᠂ | ᠠᠰᠢᠭ ᠣᠷᠣᠯᠭ᠎ᠠ᠂ ᠲᠠᠷᠢᠮᠠᠯ ᠵᠡᠷᠭᠡ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠰᠤᠳᠤᠯᠵᠤ᠂ ᠲᠤᠰ ᠤᠳᠠᠭᠠᠨ ᠤ | ᠪᠠᠶᠢᠴᠠᠭᠠᠯᠲᠠ ᠶᠢᠨ ᠠᠵᠢᠯ ᠤᠨ ᠡᠭᠦᠷᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠨ ᠭᠠᠷᠭᠠᠪᠠ | ᠃ | ᠵᠢᠢ ᠰᠢᠦᠢ ᠳ᠋ᠦᠩ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠡᠪᠲᠡᠷᠡᠯᠴᠡᠨᠵᠤᠯᠭᠠᠭᠤᠯᠬᠤ ᠪᠠᠨ | ᠴᠢᠩᠭᠠᠳᠬᠠᠬᠤ ᠬᠡᠷᠡᠭᠲᠡᠢ᠃ ᠪᠦᠬᠦ ᠬᠤᠰᠢᠭᠤᠨ ᠤ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠲᠠᠷᠢᠮᠠᠯ᠂ | ᠡᠵᠡᠩᠨᠡᠯᠲᠡ᠂ ᠡᠷᠬᠡ ᠶᠢᠨ ᠬᠠᠷᠢᠶᠠᠯᠠᠯ ᠵᠡᠷᠭᠡ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠵᠤ᠂ ᠰᠢᠨ᠎ᠡ ᠪᠠᠷ | ᠨᠡᠮᠡᠭᠳᠡᠭᠰᠡᠨ ᠲᠠᠷᠢᠶᠠᠨ ᠭᠠᠵᠠᠷ ᠤᠨ ᠰᠢᠨᠵᠢ ᠴᠢᠨᠠᠷ ᠢ ᠲᠣᠭᠲᠠᠭᠠᠬᠤ᠂ ᠡᠷᠬᠡ ᠶᠢᠨ ᠬᠠᠷᠢᠶᠠᠯᠠᠯ᠂ ᠢᠷᠡᠯᠲᠡ ᠵᠡᠷᠭᠡ | ᠠᠰᠠᠭᠤᠳᠠᠯ ᠢ ᠰᠤᠳᠤᠯᠤᠨ ᠵᠠᠳᠠᠯᠵᠤ᠂ ᠬᠤᠰᠢᠭᠤᠨ ᠤ ᠮᠠᠯ ᠠᠵᠤ ᠠᠬᠤᠢ ᠶᠢᠨ ᠰᠠᠯᠠᠭ᠎ᠠ ᠮᠥᠴᠢᠷ ᠬᠢᠭᠡᠳ | ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠡᠪᠲᠡᠷᠡᠯᠴᠡᠨ ᠵᠣᠯᠭᠠᠭᠤᠯᠬᠤ ᠶᠢ ᠰᠠᠶᠢᠲᠤᠷ ᠬᠢᠵᠦ᠂ ᠰᠢᠨ᠎ᠡ ᠪᠠᠷ | ᠨᠡᠮᠡᠭᠳᠡᠭᠰᠡᠨ ᠲᠠᠷᠢᠶᠠᠨ ᠭᠠᠵᠠᠷ ᠤᠨ ᠵᠢᠷᠤᠭ ᠢ ᠠᠰᠢᠭᠯᠠᠨ᠂ ᠤᠯᠤᠰ ᠤᠨ ᠭᠠᠵᠠᠷ ᠰᠢᠷᠣᠢ ᠶᠢᠨ ︽ᠭᠤᠷᠪᠠ ᠶᠢ | ᠲᠣᠬᠢᠷᠠᠭᠤᠯᠬᠤ︾ ᠶᠢᠨ ᠲᠤᠭ᠎ᠠ ᠪᠠᠷᠢᠮᠲᠠ ᠬᠢᠭᠡᠳ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ | ᠳᠠᠭᠠᠭᠠᠴᠢᠯᠠᠯᠲᠠ ᠶᠢᠨ ᠡᠷᠬᠡ ᠶᠢ ᠨᠤᠲᠠᠯᠠᠨ ᠲᠣᠭᠲᠠᠭᠠᠭᠰᠠᠨ ᠲᠤᠭ᠎ᠠ ᠪᠠᠷᠢᠮᠲᠠ ᠶᠢᠨ ᠬᠠᠷᠢᠴᠠᠭᠤᠯᠤᠯ ᠢᠶᠠᠷ ᠳᠡᠮᠵᠢᠨ᠂ | ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠴᠠᠭᠠᠯᠲᠠ ᠶᠢᠨ | ᠦᠷ᠎ᠡ ᠳ᠋ᠦᠩ ᠢ ᠦᠨᠳᠦᠰᠦᠯᠡᠨ᠂ ︽ᠪᠠᠶᠢᠴᠠᠭᠠᠯᠲᠠ ᠶᠢᠨ ᠬᠦᠰᠦᠨᠦᠭᠲᠦ︾ ᠶᠢ ᠬᠢᠨᠠᠮᠠᠭᠠᠢ ᠲᠠᠭᠯᠠᠬᠤ ᠬᠡᠷᠡᠭᠲᠡᠢ᠃ | ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠳᠣᠷᠣᠭᠰᠢ ᠪᠠᠭᠤᠯᠭᠠᠭᠰᠠᠨ ᠰᠢᠨ᠎ᠡ ᠪᠠᠷ ᠨᠡᠮᠡᠭᠳᠡᠭᠰᠡᠨ | ᠲᠠᠷᠢᠶᠠᠨ ᠭᠠᠵᠠᠷ ᠤᠨ ᠲᠤᠭ᠎ᠠ ᠪᠠᠷᠢᠮᠲᠠ ᠪᠣᠯᠣᠨ ᠬᠠᠮᠤᠭ ᠤᠨ ᠰᠢᠨ᠎ᠡ ᠠᠯᠤᠰ ᠰᠡᠷᠡᠯ ᠤᠨ ᠵᠢᠷᠤᠭ ᠳᠦᠷᠰᠦ ᠶᠢᠨ | ᠲᠤᠭ᠎ᠠ ᠪᠠᠷᠢᠮᠲᠠ ᠶᠢ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠬᠠᠩᠭᠠᠨ ᠬᠡᠷᠡᠭᠯᠡᠭᠦᠯᠬᠦ ᠶᠢᠨ ᠬᠠᠮᠲᠤ | ᠲᠤᠰᠬᠠᠢ ᠮᠡᠷᠭᠡᠵᠢᠯ ᠤᠨ ᠠᠵᠢᠯᠲᠠᠨ ᠲᠣᠮᠢᠯᠠᠨ ᠲᠣᠰ ᠠᠵᠢᠯ ᠳᠤ ᠬᠠᠮᠵᠢᠯᠴᠠᠭᠤᠯᠵᠤ᠂ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠤᠨ ᠠᠵᠢᠯᠲᠠᠨ ᠢ ᠬᠠᠪᠰᠤᠷᠤᠨ ᠵᠢᠷᠤᠭ ᠳᠦᠷᠰᠦ ᠶᠢ ᠨᠢ ᠮᠠᠭᠠᠳᠯᠠᠨ ᠤᠩᠰᠢᠭᠤᠯᠵᠤ᠂ | ᠪᠣᠳᠠᠲᠠᠢ ᠭᠠᠵᠠᠷ ᠲᠤᠨᠢ ᠬᠡᠰᠡᠭ ᠭᠠᠵᠠᠷ ᠣᠯᠵᠤ᠂ ᠲᠤᠭ᠎ᠠ ᠪᠠᠷᠢᠮᠲᠠ ᠶᠢ ᠬᠡᠷᠡᠭᠯᠡᠬᠦ ᠶᠠᠪᠤᠴᠠ ᠳᠤ ᠬᠠᠮᠢᠶ᠎ᠠ ᠪᠦᠬᠦᠢ | ᠠᠰᠠᠭᠤᠳᠠᠯ ᠲᠤᠯᠭᠠᠷᠠᠪᠠᠯ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠠᠰᠠᠭᠤᠳᠠᠯ ᠢ | ᠰᠢᠢᠳᠪᠦᠷᠢᠯᠡᠬᠦ ᠳᠤ ᠬᠠᠮᠤᠭ ᠤᠨ ᠲᠡᠷᠢᠭᠦᠨ ᠳᠤ ᠬᠠᠮᠵᠢᠯᠴᠠᠨ ᠰᠢᠢᠳᠪᠦᠷᠢᠯᠡᠵᠦ᠂ ᠤᠯᠤᠰ ᠤᠨ ᠪᠠᠶᠢᠴᠠᠭᠠᠯᠲᠠ ᠶᠢᠨ | ᠪᠠᠷᠢᠮᠵᠢᠶ᠎ᠠ᠂ ᠳᠦᠷᠢᠮ ᠤᠨ ᠱᠠᠭᠠᠷᠳᠠᠯᠭ᠎ᠠ ᠶᠢ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ | | ᠵᠢᠢ ᠰᠢᠦᠢ ᠳ᠋ᠦᠩ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠣᠭᠲᠠᠭᠰᠠᠨ ᠴᠠᠭ ᠲᠠᠭᠠᠨ ᠡᠭᠦᠷᠭᠡ ᠪᠠᠨ | ᠪᠡᠶᠡᠯᠡᠭᠦᠯᠬᠦ ᠬᠡᠷᠡᠭᠲᠡᠢ᠃ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠢᠨ ᠬᠠᠷᠢᠭᠤᠴᠠᠯᠭ᠎ᠠ ᠪᠠᠨ | ᠴᠢᠩᠭᠠᠳᠬᠠᠵᠤ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠪᠡᠶ᠎ᠡ ᠪᠠᠷ ᠢᠶᠠᠨ ᠬᠠᠮᠢᠶᠠᠷᠬᠤ ᠬᠡᠷᠡᠭᠲᠡᠢ︔ | ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠡᠷᠬᠡᠪᠰᠢ ᠪᠣᠳᠠᠲᠠᠢ ᠨᠢᠭᠡᠳᠦᠯᠲᠡᠢ ᠲᠥᠯᠥᠪᠵᠢᠭᠦᠯᠦᠨ | ᠲᠣᠬᠢᠷᠠᠭᠤᠯᠬᠤ ᠶᠢ ᠰᠠᠶᠢᠲᠤᠷ ᠠᠳᠬᠤᠵᠤ᠂ ᠳᠠᠪᠠᠭᠤᠯᠢᠭ ᠬᠦᠴᠦᠨ ᠢᠶᠠᠨ ᠲᠥᠪᠯᠡᠷᠡᠭᠦᠯᠵᠦ᠂ ᠰᠢᠨ᠎ᠡ ᠪᠠᠷ ᠨᠡᠮᠡᠭᠳᠡᠭᠰᠡᠨ | ᠲᠠᠷᠢᠶᠠᠨ ᠭᠠᠵᠠᠷ ᠤᠨ ᠲᠠᠷᠬᠠᠯᠲᠠ᠂ ᠲᠠᠯᠠᠪᠠᠢ᠂ ᠡᠷᠬᠡ ᠶᠢᠨ ᠬᠠᠷᠢᠶᠠᠯᠠᠯ᠂ ᠢᠷᠡᠯᠲᠡ ᠵᠡᠷᠭᠡ ᠪᠠᠶᠢᠳᠠᠯ ᠳᠤ ᠲᠠᠬᠢᠨ | ᠪᠠᠶᠢᠳᠠᠯ ᠢ ᠣᠶᠢᠯᠠᠭᠠᠨ ᠲᠠᠬᠢᠨ ᠪᠠᠶᠢᠴᠠᠭᠠᠯᠲᠠ ᠬᠢᠵᠦ᠂ ᠡᠷᠬᠡᠪᠰᠢ ᠪᠦᠬᠦ ᠲᠠᠯ᠎ᠠ ᠪᠠᠷ ᠣᠨᠣᠪᠴᠢᠲᠠᠢ ᠪᠥᠭᠡᠳ ᠨᠠᠷᠢᠨ | ᠪᠣᠳᠠᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠠᠵᠢᠯ ᠤᠨ ᠳᠤᠮᠳᠠ ᠪᠠᠨ ᠠᠵᠢᠯ ᠤᠨ ᠰᠠᠬᠢᠯᠭ᠎ᠠ ᠪᠠᠲᠤ ᠶᠢ | ᠴᠢᠩᠳᠠᠯᠠᠵᠤ᠂ ᠠᠵᠢᠯ ᠤᠨ ᠶᠠᠰᠤ ᠴᠢᠨᠠᠷ ᠢ ᠦᠨᠡᠨᠬᠦ ᠪᠠᠲᠤᠯᠠᠵᠤ᠂ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ | ᠪᠠᠶᠢᠳᠠᠯ ᠢ ᠦᠨᠡᠨ ᠪᠣᠳᠠᠲᠠᠢ ᠪᠠᠷ ᠲᠤᠰᠬᠠᠬᠤ ᠬᠡᠷᠡᠭᠲᠡᠢ᠂ ᠦᠨᠡᠨ ᠪᠠᠶᠢᠳᠠᠯ ᠢ ᠨᠢᠭᠤᠨ ᠳᠠᠯᠳᠠᠯᠠᠵᠤ ᠪᠣᠯᠬᠤ ᠦᠭᠡᠢ᠂ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠵᠣᠬᠢᠶᠠᠵᠤ ᠪᠣᠯᠬᠤ ᠦᠭᠡᠢ᠂ ᠪᠠᠶᠢᠴᠠᠭᠠᠯᠲᠠ ᠶᠢᠨ ᠬᠦᠰᠦᠨᠦᠭᠲᠦ ᠳᠠᠬᠢ | ᠲᠤᠭ᠎ᠠ ᠪᠠᠷᠢᠮᠲᠠ ᠨᠢ ᠯᠣᠭᠢᠭ ᠤᠨ ᠬᠠᠷᠢᠴᠠᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠂ ᠨᠠᠷᠢᠨ ᠬᠢᠨᠠᠮᠠᠭᠠᠢ ᠬᠢᠨᠠᠨ | ᠬᠠᠷᠭᠤᠭᠤᠯᠤᠭᠠᠳ ᠠᠯᠳᠠᠭ᠎ᠠ ᠦᠭᠡᠢ ᠪᠠᠶᠢᠪᠠᠯ ᠰᠠᠶ᠋ᠢ ᠳᠡᠭᠡᠭᠰᠢ ᠮᠡᠳᠡᠭᠦᠯᠬᠦ ᠬᠡᠷᠡᠭᠲᠡᠢ᠃ ᠬᠤᠰᠢᠭᠤᠨ ᠤ ᠲᠠᠷᠢᠶᠠᠯᠠᠩ | ᠮᠠᠯ ᠠᠵᠤ ᠠᠬᠤᠢ ᠶᠢᠨ ᠰᠠᠯᠠᠭ᠎ᠠ ᠮᠥᠴᠢᠷ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠴᠠᠭ ᠢ | ᠲᠣᠩᠭᠤᠷᠤᠭᠤᠯᠤᠨ ᠵᠢᠭᠰᠠᠭᠠᠵᠤ᠂ ᠨᠢᠭᠡᠳᠦᠭᠡᠷ ᠹᠷᠣᠨᠲ ᠲᠤ ᠪᠠᠭᠤᠵᠤ᠂ ᠠᠵᠢᠯ ᠢᠶᠠᠨ ᠨᠠᠷᠢᠨ ᠬᠢᠨᠠᠮᠠᠭᠠᠢ ᠥᠷᠨᠢᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠡᠯ᠎ᠡ | ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠬᠤ | ᠬᠠᠷᠢᠭᠤᠴᠠᠯᠭᠠᠲᠠᠨ᠂ ᠲᠠᠷᠢᠶᠠᠯᠠᠩ ᠤᠨ ᠠᠵᠤ ᠠᠬᠤᠢ ᠶᠢᠨ ᠥᠷᠲᠡᠭᠡᠨ ᠤ ᠳᠠᠷᠤᠭ᠎ᠠ᠂ ᠤᠯᠤᠰ ᠤᠨ ᠨᠤᠲᠤᠭ | ᠳᠡᠪᠢᠰᠭᠡᠷ ᠤᠨ ᠰᠤᠳᠤᠯᠭᠠᠨ ᠤ ᠭᠠᠵᠠᠷ ᠤᠨ ᠳᠠᠷᠤᠭ᠎ᠠ ᠬᠤᠷᠠᠯ ᠳᠤ ᠣᠷᠣᠯᠴᠠᠵᠠᠢ᠃ | |