ᠴᠠᠩ ᠱᠧᠩ ᠪᠠᠯᠭᠠᠰᠤ᠄ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠴᠤ ︽ᠪᠣᠬᠢᠷᠲᠤᠯ ᠥᠬᠡᠶ︾ ᠬᠠᠪᠤᠷ ᠤᠨ ᠲᠠᠷᠢᠶᠠᠯᠠᠭ᠎ᠠ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/3/1
   ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ ︽ᠬᠥᠳᠡᠯᠭᠡᠬᠦ ᠬᠦᠴᠦᠨ ᠨᠡᠮᠡᠷᠢᠯᠡᠬᠦ︾ ᠬᠡᠷᠡᠭᠲᠡᠢ᠃ ᠴᠠᠩ ᠱᠧᠩ ᠪᠠᠯᠭᠠᠰᠤ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠰᠬᠠᠶ ᠵᠦᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠦᠯᠡᠳᠡᠭᠳᠡᠯ ᠪᠦᠷᠬᠦᠪᠴᠢ ᠶᠢ ᠴᠡᠪᠡᠷᠯᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠰᠤᠳᠤᠯᠵᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠭᠤᠤᠯ ᠤᠳᠤᠷᠢᠳᠤᠯᠭ᠎ᠠ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠬᠤ᠂ ᠬᠡᠰᠡᠭ ᠳᠠᠭᠠᠭᠠᠴᠢᠯᠠᠭᠰᠠᠨ ᠬᠠᠷᠢᠭᠤᠴᠠᠯᠭᠠᠲᠠᠨ ᠪᠣᠳᠠᠲᠠᠶ ᠠᠳᠬᠤᠬᠤ᠂ ᠭᠠᠴᠠᠭ᠎ᠠ ᠳᠤᠭᠤᠶᠢᠯᠠᠩ ᠤᠨ ᠺᠠᠳ᠋ᠷ ᠤᠨ ᠬᠦᠴᠦᠨ ᠢ ᠳᠣᠷᠣᠭᠰᠢ ᠪᠠᠭᠤᠯᠭᠠᠬᠤ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠤᠨ᠂ ᠦᠯᠡᠳᠡᠭᠳᠡᠯ ᠬᠠᠭᠤᠴᠢᠨ ᠰᠦᠯᠢᠶᠣᠣ ᠪᠦᠷᠬᠦᠪᠴᠢ ᠶᠢ ᠢᠯᠭᠠᠷᠠᠭᠤᠯᠬᠤ ᠠᠵᠢᠯ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ︽ᠵᠢᠷᠤᠮᠵᠢᠭᠤᠯᠬᠤ᠂ ᠬᠠᠮᠢᠶᠠᠷᠬᠤ ᠬᠥᠮᠦᠨ ᠲᠠᠢ︾ ᠪᠠᠶᠢᠬᠤ ᠶᠢ ᠦᠨᠡᠨᠬᠦ ᠪᠠᠲᠤᠯᠠᠵᠤ᠂ ᠦᠯᠡᠳᠡᠭᠳᠡᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠢᠯᠭᠠᠷᠠᠭᠤᠯᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃    ᠤᠬᠠᠭᠤᠯᠭ᠎ᠠ ᠶᠢᠨ ︽ᠬᠠᠮᠤᠷᠬᠤ ᠬᠡᠪᠴᠢᠶ᠎ᠡ︾ ᠶᠢ ᠤᠷᠲᠤᠳᠬᠠᠨ ᠬᠥᠲᠥᠯᠦᠨ ᠵᠢᠯᠤᠭᠤᠳᠬᠤ ᠬᠡᠷᠡᠭᠲᠡᠢ᠃ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ︽ ᠴᠣᠩᠬᠤᠪᠴᠢ ᠶᠢᠨ ᠬᠤᠭᠤᠴᠠᠭ᠎ᠠ︾ ᠳᠤ᠂ ᠡᠯ᠎ᠡ ᠲᠣᠰᠬᠤᠨ ᠤ ᠬᠡᠰᠡᠭ ᠳᠠᠭᠠᠭᠠᠴᠢᠯᠠᠭᠰᠠᠨ ᠬᠠᠷᠢᠭᠤᠴᠠᠯᠭᠠᠲᠠᠨ ᠲᠣᠰᠬᠤᠨ ᠳᠤ ᠬᠦᠷᠴᠦ ᠦᠯᠡᠳᠡᠭᠳᠡᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠦᠯᠡᠳᠡᠭᠳᠡᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠳᠤ ᠢᠳᠡᠪᠬᠢᠲᠡᠢ  ᠣᠷᠤᠯᠴᠠᠭᠤᠯᠬᠤ ᠬᠡᠷᠡᠭᠲᠡᠢ᠃ ᠸᠢᠴᠠᠲ ᠤᠨ ᠪᠦᠯᠦᠭ ᠢᠶᠠᠷ ᠳᠠᠮᠵᠢᠭᠤᠯᠤᠨ ︽ᠪᠦᠬᠦ ᠬᠤᠰᠢᠭᠤᠨ ᠤ ᠮᠠᠯᠴᠢᠨ ᠲᠠᠷᠢᠶᠠᠴᠢᠳ ᠲᠤ ᠥᠭᠭᠦᠭᠰᠡᠨ ᠰᠠᠨᠠᠭᠠᠴᠢᠯᠠᠭ᠎ᠠ ᠶᠢᠨ ᠪᠢᠴᠢᠭ︾ ᠢ ᠢᠳᠡᠪᠬᠢᠲᠡᠶ ᠪᠠᠷ ᠳᠠᠮᠵᠢᠭᠤᠯᠤᠨ ᠲᠠᠷᠬᠠᠭᠠᠵᠤ᠂ ᠦᠯᠡᠳᠡᠭᠳᠡᠯ ᠪᠦᠷᠬᠦᠪᠴᠢ ᠶᠢᠨ ᠪᠣᠬᠢᠷᠲᠤᠯ ᠢ ᠵᠠᠰᠠᠬᠤ ᠶᠢᠨ ᠲᠠᠷᠢᠶᠠᠯᠠᠩ ᠤᠨ ᠦᠢᠯᠡᠳᠪᠦᠷᠢᠯᠡᠯ ᠢ ᠪᠠᠲᠤᠯᠠᠬᠤ ᠳᠤ ᠦᠵᠡᠭᠦᠯᠬᠦ ᠴᠢᠬᠤᠯᠠ ᠴᠢᠨᠠᠷ ᠢ ᠥᠷᠭᠡᠨ ᠢᠶᠠᠷ ᠤᠬᠠᠭᠤᠯᠵᠤ᠂ ᠤᠯᠠᠨ ᠲᠦᠮᠡᠨ ᠳᠤ ᠦᠯᠡᠳᠡᠭᠳᠡᠯ ᠬᠠᠭᠤᠴᠢᠨ ᠲᠠᠷᠢᠶᠠᠯᠠᠩ ᠤᠨ ᠪᠦᠷᠬᠦᠪᠴᠢ ᠶᠢᠨ ᠬᠤᠣᠷ ᠬᠦᠨᠦᠭᠡᠯᠳᠤ ᠴᠢᠨᠠᠷ ᠢ ᠨᠡᠩ ᠰᠢᠭᠤᠳ ᠦᠵᠡᠭᠦᠯᠵᠦ᠂ ᠨᠡᠩ ᠭᠦᠨᠵᠡᠭᠡᠶ ᠣᠶᠢᠯᠠᠭᠠᠭᠤᠯᠵᠤ᠂ ︽ᠨᠠᠳᠠ ᠪᠠᠷ ᠬᠤᠷᠢᠶᠠᠨ ᠠᠪᠤᠭᠤᠯᠬᠤ︾ ᠶᠢ ︽ᠪᠢ ᠬᠤᠷᠢᠶᠠᠨ ᠠᠪᠬᠤ︾ ᠪᠣᠯᠭᠠᠨ ᠬᠤᠪᠢᠷᠠᠭᠤᠯᠵᠤ᠂ ᠤᠯᠠᠨ ᠲᠦᠮᠡᠨ ᠤ ᠦᠯᠡᠳᠡᠭᠳᠡᠯ ᠬᠠᠭᠤᠴᠢᠨ ᠰᠦᠯᠢᠶᠣᠣ ᠪᠦᠷᠬᠦᠪᠴᠢ ᠶᠢ ᠴᠡᠪᠡᠷᠯᠡᠨ ᠬᠤᠷᠢᠶᠠᠨ ᠠᠪᠬᠤ ᠢᠳᠡᠪᠬᠢᠵᠢᠯ ᠪᠠ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠰᠠᠨᠠᠭᠠᠴᠢᠯᠠᠭᠠᠲᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ  ᠪᠣᠯᠭᠠᠬᠤ ᠬᠡᠷᠡᠭᠲᠡᠢ᠃    ︽ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠶᠢ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠵᠤ  ᠳᠠᠶᠢᠴᠢᠯᠠᠬᠤ ᠬᠡᠷᠡᠭᠲᠡᠢ᠃ ︽ᠨᠠᠮ ᠤᠨ ᠡᠭᠦᠷ ᠲᠦᠷᠦᠭᠦᠯᠡᠬᠦ᠂ ᠨᠠᠮ ᠤᠨ ᠭᠡᠰᠢᠭᠦᠨ ᠲᠦᠷᠦᠭᠦᠯᠡᠬᠦ᠂ ᠪᠥᠬᠦ ᠠᠷᠠᠳ ᠢᠶᠠᠷ ᠢᠶᠠᠨ ᠣᠷᠣᠯᠴᠠᠬᠤ︾ ᠠᠷᠭ᠎ᠠ ᠮᠠᠶ᠋ᠢᠭ ᠢ ᠠᠪᠴᠤ᠂ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠠᠵᠢᠯ ᠵᠢᠴᠢ ᠦᠯᠡᠳᠡᠭᠳᠡᠯ ᠬᠠᠭᠤᠴᠢᠨ ᠪᠦᠷᠬᠦᠭᠦᠯ ᠢ ᠬᠤᠷᠢᠶᠠᠨ ᠠᠪᠬᠤ ᠠᠵᠢᠯ ᠯᠤᠭ᠎ᠠ ᠭᠦᠨᠵᠡᠭᠡᠶ ᠠᠭᠤᠰᠤᠯᠴᠠᠭᠤᠯᠬᠤ ᠬᠡᠷᠡᠭᠲᠡᠢ᠃  ᠦᠯᠡᠳᠡᠭᠳᠡᠯ ᠬᠠᠭᠤᠴᠢᠨ ᠪᠦᠷᠬᠦᠪᠴᠢ ᠶᠢ ᠬᠤᠷᠢᠶᠠᠨ ᠠᠪᠬᠤ ᠲᠠᠯ᠎ᠠ ᠪᠠᠷ ︽ᠮᠠᠰᠢᠨ ᠢᠶᠠᠷ ᠠᠵᠢᠯᠯᠠᠬᠤ + ᠬᠥᠮᠦᠨ ᠤ ᠬᠦᠴᠦ ᠪᠠᠷ ᠲᠡᠭᠦᠵᠦ ᠠᠪᠬᠤ︾ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠭᠡᠳᠦᠯᠲᠡᠶ ᠬᠤᠷᠢᠶᠠᠨ ᠠᠪᠴᠤ ᠲᠣᠭᠲᠠᠭᠰᠠᠨ ᠭᠠᠵᠠᠷ ᠲᠤ ᠲᠣᠮᠢᠯᠠᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠢ᠃ ᠡᠭᠦᠨ ᠤ ᠬᠠᠮᠲᠤ ᠴᠡᠪᠡᠷᠯᠡᠭᠴᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ᠂ ᠠᠮᠢ ᠠᠬᠤᠶ ᠶᠢᠨ ᠣᠶ ᠬᠠᠮᠠᠭᠠᠯᠠᠭᠴᠢ᠂ ᠲᠠᠷᠢᠶᠠᠴᠢᠨ ᠡᠷᠦᠬᠡ᠂ ᠰᠠᠶᠢᠨ ᠳᠤᠷ᠎ᠠ ᠶᠢᠨ ᠠᠵᠢᠯᠯᠠᠭᠴᠢ ᠶᠢ ᠢᠳᠡᠪᠬᠢᠲᠡᠶ ᠪᠠᠷ ᠳᠠᠶᠢᠴᠢᠯᠠᠨ ᠲᠠᠷᠢᠶᠠᠨ ᠭᠠᠵᠠᠷ᠂ ᠭᠤᠤᠯ ᠵᠠᠮ ᠳᠠᠭᠠᠤ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠦᠯᠡᠳᠡᠭᠳᠡᠯ ᠬᠠᠭᠤᠴᠢᠨ ᠪᠦᠷᠬᠦᠭᠦᠯ ᠢ ᠴᠡᠪᠡᠷᠯᠡᠬᠦ ᠳᠤ  ᠣᠷᠤᠯᠴᠠᠭᠤᠯᠬᠤ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠴᠠᠩ ᠱᠧᠩ ᠪᠠᠯᠭᠠᠰᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠮᠡᠷᠭᠡᠵᠢᠯ ᠤᠨ ᠵᠢᠯᠣᠭᠤᠳᠣᠯᠭ᠎ᠠ ᠦᠢᠯᠡᠴᠢᠯᠡᠭᠡ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠠᠷᠢᠶᠠᠴᠢᠨ ᠡᠷᠦᠬᠡ ᠶᠢᠨ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠪᠠ  ᠬᠤᠷᠢᠶᠠᠨ ᠠᠪᠬᠤ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠰᠦᠯᠢᠶᠣᠣ ᠪᠦᠷᠬᠦᠪᠴᠢ ᠶᠢ ︽ᠬᠡᠷᠡᠭᠯᠡᠬᠦ —  ᠬᠤᠷᠢᠶᠠᠬᠤ — ᠡᠳ᠋ᠰᠢᠭᠦᠯᠬᠦ — ᠳᠠᠬᠢᠨ ᠠᠰᠢᠭᠯᠠᠬᠤ︾ ᠰᠠᠶᠢᠨ ᠣᠷᠴᠢᠯ ᠤᠨ ᠲᠣᠭᠲᠠᠴᠠ ᠶᠢ ᠠᠯᠬᠤᠮ ᠠᠯᠬᠤᠮ ᠢᠶᠠᠷ ᠪᠣᠶ ᠪᠣᠯᠭᠠᠵᠤ᠂ ᠦᠯᠡᠳᠡᠭᠳᠡᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠰᠢᠭᠯᠠᠬᠤ ᠶᠢ ᠠᠬᠢᠭᠤᠯᠤᠨ᠂ ᠲᠠᠷᠢᠶᠠᠯᠠᠩ ᠤᠨ ᠬᠥᠭᠵᠢᠯᠲᠡ ᠳᠤ ︽ᠭᠠᠷᠤᠯᠲᠠ ᠶᠢ ᠨᠡᠮᠡᠭᠳᠡᠭᠦᠯᠬᠦ ᠮᠥᠷᠲᠡᠭᠡᠨ ᠪᠣᠬᠢᠷᠲᠤᠯ ᠢ ᠪᠠᠭᠠᠰᠬᠠᠬᠤ︾ ᠶᠢ ᠪᠡᠶᠡᠯᠡᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠪᠠ ᠲᠠᠷᠢᠶᠠᠯᠠᠩ ᠤᠨ ᠦᠷᠭᠦᠯᠵᠢᠯᠡᠨ ᠬᠥᠭᠵᠢᠬᠦ ᠶᠢ  ᠠᠬᠢᠭᠤᠯᠬᠤ ᠬᠡᠷᠡᠭᠲᠡᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号