ᠠᠤᠬᠠᠨ ᠬᠤᠰᠢᠭᠤᠨ ᠤ ᠳᠤᠮᠳᠠ ᠣᠷᠳᠣ ᠬᠤᠭᠤᠴᠠᠭᠠᠨ ᠤ ᠠᠯᠪᠠᠨ ᠤ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠳᠣᠭᠲᠠᠭᠤᠨ  ᠢᠶᠠᠷ  ᠳᠡᠭᠡᠭᠰᠢᠯᠡᠪᠡ
ᠨᠡᠶᠢᠲᠡᠯᠡᠭᠰᠡᠨ ᠴᠠᠭ᠄
2023/3/1
     2023 ᠣᠨ ᠤ 1 ᠰᠠᠷ᠎ᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠠᠤᠬᠠᠨ ᠬᠤᠰᠢᠭᠤᠨ ᠤ ᠡᠯ᠎ᠡ  ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 135.83 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 1.56% ᠪᠠᠷ ᠨᠡᠮᠡᠭᠳᠡᠵᠡᠶ᠂ ᠡᠭᠦᠨ ᠳᠤ᠂ ᠠᠯᠪᠠᠨ ᠤ ᠵᠢᠭᠡᠯᠡᠯᠭᠡ ᠨᠢ ᠰᠢᠨ᠎ᠡ ᠪᠠᠷ ᠨᠡᠮᠡᠭᠳᠡᠭᠰᠡᠨ ᠢᠲᠡᠭᠡᠮᠵᠢᠲᠦ ᠵᠢᠭᠡᠯᠡᠯᠭᠡ ᠶᠢᠨ ᠴᠢᠬᠤᠯᠠ ᠲᠤᠯᠭᠠᠭᠤᠷᠢ ᠪᠣᠯᠤᠭᠰᠠᠨ ᠪᠠᠶᠢᠨ᠎ᠠ᠃    ᠬᠢᠵᠢᠭ ᠤᠨ ᠪᠠᠶᠢᠳᠠᠯ ᠤᠨ ᠳᠠᠭᠠᠷᠢᠯᠲᠠ ᠶᠢᠨ ᠠᠷᠢᠯᠬᠤ ᠶᠢ ᠳᠠᠭᠠᠯᠳᠤᠨ᠂ ᠲᠣᠭᠲᠠᠭᠤᠨ ᠢᠶᠠᠷ ᠨᠡᠮᠡᠭᠳᠡᠭᠦᠯᠬᠦ ᠡᠯ᠎ᠡ  ᠵᠦᠢᠯ ᠤᠨ ᠲᠥᠯᠥᠪᠯᠡᠭᠡ ᠪᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠵᠤ ᠠᠬᠤᠶᠢᠯᠠᠯ ᠬᠢᠭᠡᠳ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠠᠯᠠ ᠣᠷᠣᠭᠤᠯᠤᠯᠲᠠ ᠶᠢᠨ ᠠᠯᠬᠤᠴᠠ ᠲᠦᠷᠭᠡᠳᠴᠦ᠂ ᠬᠡᠷᠡᠭᠯᠡᠭᠡ ᠶᠢᠨ ᠵᠢᠱᠢᠯᠲᠡ ᠠᠯᠬᠤᠮ ᠠᠯᠬᠤᠮ ᠢᠶᠠᠷ ᠰᠡᠷᠭᠦᠪᠡ᠃ 1 ᠰᠠᠷ᠎ᠠ ᠳᠤ᠂ ᠠᠤᠬᠠᠨ ᠬᠤᠰᠢᠭᠤᠨ ᠤ ᠠᠯᠪᠠᠨ ᠤ ᠵᠢᠭᠡᠯᠡᠯᠭᠡ 1.78 ᠳ᠋ᠦᠩᠰᠢᠭᠤᠷ ᠲᠥᠭᠦᠷᠢᠭ ᠨᠡᠮᠡᠭᠳᠡᠪᠡ᠂ ᠡᠭᠦᠨ ᠳᠤ᠂ ᠳᠤᠮᠳᠠ ᠣᠷᠳᠣ ᠬᠤᠭᠤᠴᠠᠭᠠᠨ ᠤ ᠵᠢᠭᠡᠯᠡᠯᠭᠡ 2.02 ᠳ᠋ᠦᠩᠰᠢᠭᠤᠷ ᠲᠥᠭᠦᠷᠢᠭ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 8.31% ᠬᠦᠷᠴᠦ᠂ ᠨᠡᠯᠢᠶᠡᠳ ᠶᠡᠭᠡ ᠳᠡᠭᠡᠭᠰᠢᠯᠡᠯᠲᠡ ᠲᠠᠢ ᠪᠣᠯᠵᠣ᠂ ᠮᠥᠩᠭᠦᠨ ᠭᠦᠢᠯᠭᠡᠭᠡᠨ ᠤ ᠦᠢᠯᠡᠴᠢᠯᠡᠭᠡ ᠨᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠡᠷᠡᠭᠴᠡᠭᠡ ᠶᠢ ᠨᠡᠯᠢᠶᠡᠳ ᠰᠠᠶᠢᠨ ᠬᠠᠩᠭᠠᠵᠤ᠂ ᠠᠵᠤ ᠠᠬᠤᠶ ᠶᠢᠨ ᠲᠦᠷᠭᠡᠨ ᠰᠡᠷᠭᠦᠯᠲᠡ ᠳᠤ ᠪᠦᠲᠦᠮᠵᠢᠲᠡᠶ ᠬᠦᠴᠦᠨ ᠨᠡᠮᠡᠷᠢᠯᠡᠪᠡ᠃    ᠡᠭᠦᠨ ᠲᠠᠢ ᠬᠠᠷᠢᠴᠠᠭᠤᠯᠪᠠᠯ᠂ 1 ᠰᠠᠷ᠎ᠠ ᠳᠤ ᠰᠠᠭᠤᠭᠠᠯᠢ ᠡᠷᠦᠬᠡ ᠶᠢᠨ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠵᠤ᠂ ᠵᠢᠯ ᠤᠨ ᠡᠬᠢᠨ ᠤ ᠬᠢ ᠠᠴᠠ 0.33 ᠳ᠋ᠦᠩᠰᠢᠭᠤᠷ ᠲᠥᠭᠦᠷᠢᠭ ᠨᠡᠮᠡᠭᠳᠡᠨ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 1.39% ᠪᠠᠷ ᠪᠠᠭᠤᠷᠠᠪᠠ᠂ ᠬᠡᠳᠦ᠋ᠢᠪᠡᠷ ᠡᠯ᠎ᠡ ᠮᠥᠩᠭᠦᠨ  ᠭᠦᠢᠯᠭᠡᠭᠡᠨ ᠤ ᠪᠠᠶᠢᠭᠤᠯᠤᠮᠵᠢ ᠬᠡᠷᠡᠭᠯᠡᠭᠡ ᠶᠢᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢ ᠬᠦᠴᠦᠯᠡᠨ ᠠᠬᠢᠭᠤᠯᠵᠤ᠂ ᠬᠡᠷᠡᠭᠯᠡᠭᠡᠨ ᠤ ᠵᠢᠭᠡᠯᠡᠯᠭᠡ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠂ ᠬᠡᠰᠡᠭ ᠬᠡᠮᠵᠢᠶ᠎ᠡ ᠪᠠᠷ ᠰᠠᠭᠤᠭᠠᠯᠢ ᠡᠷᠦᠬᠡ ᠶᠢᠨ ᠵᠢᠭᠡᠯᠡᠯᠭᠡ ᠶᠢᠨ ᠨᠡᠮᠡᠭᠳᠡᠯ ᠢ ᠳᠠᠶᠢᠴᠢᠯᠠᠭᠰᠠᠨ ᠪᠣᠯᠪᠠᠴᠤ᠂ ᠶᠡᠷᠦᠩᠬᠡᠶ ᠳᠤᠨᠢ ᠠᠪᠴᠤ ᠦᠵᠡᠪᠡᠯ᠂ ᠰᠠᠭᠤᠭᠠᠯᠢ ᠠᠷᠠᠳ ᠤᠨ ᠬᠡᠷᠡᠭᠯᠡᠭᠡ ᠪᠠ ᠪᠠᠯᠠ ᠣᠷᠣᠭᠤᠯᠤᠯᠲᠠ ᠶᠢᠨ ᠬᠦᠰᠡᠯ ᠡᠷᠡᠮᠡᠯᠵᠡᠯ ᠮᠥᠨ ᠬᠦ ᠬᠦᠷᠦᠯᠴᠡᠬᠦ ᠥᠬᠡᠶ ᠪᠠᠶᠢᠵᠤ᠂ ᠢᠷᠡᠭᠡᠳᠦᠶ ᠶᠢᠨ ᠲᠤᠬᠠᠶ ᠢᠲᠡᠭᠡᠯ ᠪᠠ ᠵᠢᠱᠢᠯᠲᠡ ᠪᠠᠭᠤᠷᠠᠶ ᠪᠠᠶᠢᠨ᠎ᠠ᠃ ᠡᠭᠦᠨ ᠤ ᠬᠠᠮᠲᠤ᠂ ᠰᠠᠭᠤᠭᠠᠯᠢ ᠡᠷᠦᠬᠡ ᠶᠢᠨ ᠵᠢᠭᠡᠯᠡᠯᠭᠡ ᠠᠳᠠᠯᠢ ᠬᠤᠭᠤᠴᠠᠭᠠᠨ ᠤ ᠬᠢ ᠠᠴᠠ ᠪᠠᠭᠠᠰᠤᠭᠰᠠᠨ ᠨᠢ ᠪᠠᠰᠠ ᠴᠠᠭᠠᠨ ᠰᠠᠷ᠎ᠠ ᠶᠢᠨ ᠤᠷᠢᠳ ᠬᠤᠵᠢᠳ ᠢᠶᠠᠷ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ︽ᠤᠷᠢᠳᠴᠢᠯᠠᠨ ᠪᠤᠴᠠᠭᠠᠬᠤ ᠥᠷᠨᠢᠯᠲᠡ ︾ ᠲᠠᠢ ᠵᠣᠬᠢᠬᠤ ᠬᠠᠷᠢᠴᠠᠭ᠎ᠠ ᠲᠠᠢ ᠶᠤᠮ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号