| ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠥᠨᠳᠥᠷ ᠪᠦᠲᠦᠮᠵᠢᠲᠡᠢ ᠠᠬᠢᠭᠤᠯᠵᠤ᠂ ᠬᠠᠷᠢᠶ᠎ᠠ | ᠣᠷᠣᠨ ᠤ ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂ | ᠤᠷᠤᠢ ᠶᠢᠨ ᠰᠦᠮ᠎ᠡ ᠰᠤᠮᠤ ᠶᠢᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠢᠨ ᠠᠷᠠᠳ | ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠠᠷᠭ᠎ᠠ ᠬᠡᠯᠪᠡᠷᠢ ᠪᠠᠨ ᠰᠠᠶᠢᠵᠢᠷᠠᠭᠤᠯᠵᠤ᠂ | ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠤᠨ ᠠᠵᠢᠯ ᠢ ᠰᠢᠰᠲ᠋ᠧᠮᠵᠢᠭᠦᠯᠬᠦ᠂ ᠤᠯᠠᠨ ᠶᠠᠩᠵᠤᠴᠢᠯᠠᠬᠤ᠂ | ᠪᠠᠶᠢᠩᠭᠤᠵᠢᠭᠤᠯᠬᠤ ᠶᠢ ᠰᠢᠯᠢᠳᠡᠭᠵᠢᠭᠦᠯᠦᠨ᠎ᠡ᠃ ᠬᠠᠷᠢᠶᠠᠲᠤ ᠣᠷᠣᠨ ᠤ ᠪᠣᠳᠠᠲᠠᠶ ᠪᠠᠷ ᠭᠠᠷᠳᠠᠬᠤ ᠴᠡᠭ ᠪᠣᠯᠭᠠᠵᠤ᠂ ︽ | ᠨᠡᠮᠡᠵᠦ ᠬᠠᠰᠤᠬᠤ ᠠᠷᠭ᠎ᠠ︾ ᠶᠢ ᠰᠠᠶᠢᠲᠤᠷ ᠬᠢᠵᠦ᠂ ᠦᠢᠯᠡᠴᠢᠯᠡᠭᠡᠨ ᠤ ᠬᠢᠷᠢ ᠬᠡᠮᠵᠢᠶ᠎ᠡ ᠪᠠ ᠬᠠᠮᠢᠶᠠᠷᠤᠯᠲᠠ ᠶᠢᠨ | ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠳᠤ ᠨᠡᠪᠲᠡᠷᠡᠬᠦ ᠵᠠᠮ ᠨᠡᠮᠡᠨ᠎ᠡ᠃ ᠤᠷᠤᠢ ᠶᠢᠨ ᠰᠦᠮ᠎ᠡ | ᠰᠤᠮᠤ ᠶᠢᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ | ᠡᠭᠦᠳᠴᠦ᠂ ︽ᠣᠷᠣᠯᠠᠨ ᠭᠦᠢᠴᠡᠳᠬᠡᠭᠴᠢ︾ ᠶᠢᠨ ᠠᠵᠢᠯ ᠤᠨ ᠪᠠᠶᠢᠷᠢ ᠲᠤᠬᠢᠷᠠᠭᠤᠯᠵᠤ᠂ ᠠᠷᠠᠳ ᠲᠤ ᠲᠦᠬᠦᠮ | ᠦᠵᠡᠭᠦᠯᠬᠦ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠪᠡ᠃ ᠬᠠᠷᠢᠶᠠᠲᠤ ᠣᠷᠣᠨ ᠤ ᠡᠯ᠎ᠡ ᠠᠷᠠᠳ ᠲᠤ ᠲᠥᠬᠦᠮ | ᠦᠵᠡᠭᠦᠯᠬᠦ ᠶᠡᠭᠡ ᠲᠢᠩᠬᠢᠮ ᠳᠤ ᠴᠥᠮ ᠤᠷᠢᠳᠴᠢᠯᠠᠨ ᠪᠣᠯᠵᠣᠬᠤ ᠴᠠᠭ ᠢ ᠤᠷᠲᠤᠳᠬᠠᠬᠤ ᠦᠢᠯᠡᠴᠢᠯᠡᠭᠡ ᠬᠠᠩᠭᠠᠵᠤ | ᠂ ᠣᠯᠠᠨ ᠲᠦᠮᠡᠨ ᠤ ᠤᠴᠢᠷ ᠶᠠᠪᠤᠳᠠᠯ ᠢ ᠨᠠᠩ ᠴᠢᠯᠥᠭᠡᠲᠡᠶ ᠪᠥᠭᠡᠳ ᠳᠥᠭᠦᠮ ᠳᠥᠲᠡ ᠰᠢᠢᠳᠪᠦᠷᠢᠯᠡᠬᠦ ᠳᠤ | ᠬᠦᠷᠦᠭᠦᠯᠬᠦ ᠬᠡᠷᠡᠭᠲᠡᠢ᠃ ᠰᠦᠯᠵᠢᠶᠡᠨ ᠳᠡᠭᠡᠷᠡᠬᠢ ᠤᠬᠠᠭᠤᠯᠭ᠎ᠠ ᠶᠢᠨ ᠲᠠᠪᠴᠠᠩ ᠢ ᠭᠦᠢᠴᠡᠳ ᠠᠰᠢᠭᠯᠠᠨ᠂ | ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠪᠣᠳᠠᠲᠠᠶᠢᠵᠢᠭᠤᠯᠤᠨ ᠤᠬᠠᠭᠤᠯᠵᠤ᠂ ᠣᠯᠠᠨ | ᠲᠦᠮᠡᠨ ᠤ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠣᠯᠠᠨ ᠠᠷᠭ᠎ᠠ ᠵᠠᠮ ᠢᠶᠠᠷ ᠣᠯᠠᠨ ᠲᠦᠮᠡᠨ ᠤ | ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ | ᠦᠢᠯᠡᠴᠢᠯᠡᠭᠡᠨ ᠤ ᠶᠠᠰᠤ ᠴᠢᠨᠠᠷ ᠲᠤ ᠬᠠᠯᠠᠭᠤᠨ ᠳᠤᠯᠠᠭᠠᠨ ᠨᠡᠮᠡᠨ᠎ᠡ᠃ ᠣᠷᠤᠢ ᠶᠢᠨ ᠰᠦᠮ᠎ᠡ ᠰᠤᠮᠤ ᠶᠢᠨ ᠡᠯ᠎ᠡ | ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠢᠨ ᠦᠢᠯᠡᠴᠢᠯᠡᠭᠡᠨ ᠤ ᠶᠠᠰᠤ ᠴᠢᠨᠠᠷ ᠢᠶᠠᠨ ᠳᠠᠰᠤᠷᠠᠯᠳᠠ | ᠦᠬᠡᠢ ᠰᠠᠶᠢᠵᠢᠷᠠᠭᠤᠯᠵᠤ᠂ ᠲᠥᠪᠯᠡᠷᠡᠭᠦᠯᠦᠨ ᠪᠣᠯᠪᠠᠰᠤᠷᠠᠭᠤᠯᠬᠤ᠂ ᠶᠠᠷᠢᠯᠴᠠᠨ ᠰᠣᠯᠢᠯᠴᠠᠬᠤ ᠶᠢ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠳᠤᠰ ᠪᠡᠶ᠎ᠡ ᠶᠢᠨ ᠠᠰᠠᠭᠤᠳᠠᠯ ᠢᠶᠠᠨ ᠪᠠᠶᠢᠴᠠᠭᠠᠨ | ᠳᠡᠯᠭᠡᠵᠦ᠂ ᠦᠢᠯᠡᠴᠢᠯᠡᠭᠡᠨ ᠤ ᠲᠦᠪᠰᠢᠨ ᠢᠶᠠᠨ ᠴᠢᠭᠯᠡᠭᠦᠯᠬᠦ ᠴᠢᠨᠠᠷᠲᠠᠢ ᠪᠠᠷ ᠰᠠᠶᠢᠵᠢᠷᠠᠭᠤᠯᠵᠤ᠂ ᠬᠠᠮᠤᠭ ᠤᠨ ᠶᠡᠭᠡ | ᠠᠰᠢᠭ ᠲᠤᠰᠠ ᠶᠢ ᠠᠷᠠᠳ ᠲᠤ ᠬᠦᠷᠲᠡᠭᠡᠬᠦ ᠬᠡᠷᠡᠭᠲᠡᠢ᠃ ᠡᠯ᠎ᠡ ᠴᠣᠩᠬᠤᠪᠴᠢ ᠶᠢᠨ ᠠᠵᠢᠯ ᠤᠨ ᠪᠠᠶᠢᠷᠢ ᠳᠤ ᠣᠪᠣᠷ ᠨᠢ | ᠨᠥᠬᠦᠷᠰᠡᠭ ᠪᠠᠶᠢᠵᠤ᠂ ᠬᠠᠯᠠᠭᠤᠨ ᠳᠤᠯᠠᠭᠠᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠳᠤ ᠠᠰᠠᠭᠤᠳᠠᠯ ᠢ | ᠰᠢᠢᠳᠪᠦᠷᠢᠯᠡᠨ ᠥᠭᠴᠦ᠂ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠶ᠎ᠡ | ᠵᠣᠬᠢᠴᠠᠯ ᠲᠠᠢ ᠲᠣᠭᠲᠠᠭᠤᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ | ᠠᠵᠢᠯ ᠤᠨ ᠶᠠᠪᠤᠴᠠ ᠶᠢᠨ ᠶᠠᠷᠰᠢᠭ ᠲᠦᠪᠡᠭ ᠢ ᠬᠥᠩᠭᠡᠷᠡᠭᠦᠯᠦᠨ᠎ᠡ᠃ ᠣᠯᠠᠨ ᠲᠦᠮᠡᠨ ᠤ ᠰᠢᠢᠳᠪᠦᠷᠢᠯᠡᠬᠦ | ᠤᠴᠢᠷ ᠶᠠᠪᠤᠳᠠᠯ ᠳᠤ ᠴᠢᠭᠯᠡᠭᠦᠯᠦᠨ᠂ ᠡᠯ᠎ᠡ ᠠᠵᠢᠯ ᠤᠨ ᠪᠠᠶᠢᠷᠢ ᠶᠢᠨ ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ | ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠳᠥᠭᠦᠮᠴᠢᠯᠡᠨ᠂ ᠭᠦᠢᠴᠡᠳᠭᠡᠬᠦ | ᠴᠠᠭ ᠤᠨ ᠬᠢᠵᠠᠭᠠᠷ ᠢ ᠪᠣᠭᠤᠨᠢᠰᠬᠠᠵᠤ᠂ ᠬᠠᠮᠤᠭ ᠤᠨ ᠣᠬᠤᠷ ᠬᠤᠭᠤᠴᠠᠭᠠᠨ ᠳᠤ ᠨᠠᠩ ᠣᠯᠠᠨ ᠲᠤᠬᠠᠶᠢᠯᠠᠭᠰᠠᠨ | ᠠᠵᠢᠯ ᠢ ᠭᠦᠢᠴᠡᠳᠭᠡᠵᠦ᠂ ᠨᠠᠩ ᠣᠯᠠᠨ ᠴᠠᠭ ᠢ ᠣᠯᠠᠨ ᠲᠦᠮᠡᠨ ᠳᠤ ᠦᠯᠡᠳᠡᠭᠡᠨ ᠥᠭᠴᠦ᠂ ᠠᠷᠠᠳ ᠲᠦᠮᠡᠨ ᠤ | ᠲᠥᠯᠥᠭᠡ ᠪᠣᠳᠣᠯᠬᠢᠯᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠣᠯᠠᠨ ᠠᠵᠢᠯ ᠤᠨ ᠪᠠᠶᠢᠷᠢ ᠳᠤ ᠬᠤᠯᠪᠣᠭᠳᠠᠬᠤ | ᠲᠤᠬᠠᠶᠢᠯᠠᠭᠰᠠᠨ ᠠᠵᠢᠯ ᠳᠤ ᠴᠣᠩᠬᠤᠪᠴᠢ ᠪᠠᠷ ᠬᠤᠯᠪᠣᠭᠠᠯᠠᠨ ᠬᠥᠳᠡᠯᠦᠯᠴᠡᠵᠦ᠂ ᠨᠢᠭᠡ ᠯᠡ ᠥᠷᠲᠡᠭᠡᠨ ᠮᠠᠶ᠋ᠢᠭ ᠢᠶᠠᠷ | ᠭᠦᠢᠴᠡᠳᠭᠡᠬᠦ ᠶᠢ ᠬᠡᠷᠡᠭᠵᠢᠭᠦᠯᠦᠨ᠂ ᠣᠯᠠᠨ ᠲᠦᠮᠡᠨ ᠤ ᠵᠠᠮ ᠬᠥᠭᠡᠭᠡᠬᠦ ᠶᠢ ᠪᠠᠭᠠᠰᠬᠠᠵᠤ᠂ ᠮᠠᠯᠴᠢᠨ ᠲᠠᠷᠢᠶᠠᠴᠢᠳ ᠲᠤ | ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠬᠦ ᠬᠡᠷᠡᠭᠲᠡᠢ᠃ | ᠣᠯᠠᠨ ᠲᠦᠮᠡᠨ ᠤ ᠦᠨᠡᠯᠡᠯᠲᠡ ᠶᠢᠨ ᠬᠠᠨᠤᠮᠵᠢ ᠦᠭᠡᠢ ᠬᠡᠮᠵᠢᠶ᠎ᠡ ᠶᠢ ᠪᠠᠭᠤᠷᠠᠭᠤᠯᠤᠨ᠎ᠠ᠃ ᠤᠷᠤᠢ ᠶᠢᠨ ᠰᠦᠮ᠎ᠡ | ᠰᠤᠮᠤ ᠶᠢᠨ ᠡᠯ᠎ᠡ ᠱᠠᠲᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠢᠨ ᠤᠯᠠᠨ ᠲᠦᠮᠡᠨ ᠤ | ᠬᠠᠨᠤᠮᠵᠢ ᠶᠢᠨ ᠬᠡᠮᠵᠢᠶ᠎ᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠩ ᠭᠠᠭᠴᠠ ᠤᠴᠢᠷ ᠶᠠᠪᠤᠳᠠᠯ ᠢ | ᠰᠢᠢᠳᠪᠦᠷᠢᠯᠡᠵᠦ ᠳᠠᠭᠤᠰᠤᠭᠰᠠᠨ ᠤ ᠳᠠᠷᠠᠭ᠎ᠠ ᠲᠤᠰᠬᠠᠢ ᠬᠥᠮᠦᠨ ᠲᠤᠬᠢᠷᠠᠭᠤᠯᠵᠤ ᠬᠠᠨᠤᠮᠵᠢ ᠶᠢᠨ ᠬᠡᠮᠵᠢᠶ᠎ᠡ ᠶᠢ | ᠴᠤᠭᠯᠠᠭᠤᠯᠤᠨ ᠪᠦᠷᠢᠳᠬᠡᠪᠡ᠃ ᠣᠯᠠᠨ ᠲᠦᠮᠡᠨ ᠤ ᠦᠨᠡᠯᠡᠯᠲᠡ ᠪᠠᠷ ᠠᠵᠢᠯ ᠤᠨ ᠦᠷ᠎ᠡ ᠪᠦᠲᠦᠮᠵᠢ ᠪᠠᠨ ᠪᠣᠯᠭᠠᠵᠤ᠂ | ᠡᠯ᠎ᠡ ᠴᠣᠩᠬᠤᠪᠴᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠪᠡ᠃ ᠤᠯᠠᠨ ᠲᠦᠮᠡᠨ ᠤ | ᠬᠢᠨᠠᠯᠲᠠ ᠶᠢ ᠴᠢᠩᠭᠠᠳᠬᠠᠵᠤ᠂ ᠬᠠᠨᠤᠮᠵᠢ ᠦᠭᠡᠢ ᠬᠡᠮᠵᠢᠶ᠎ᠡ ᠶᠢ ᠪᠠᠭᠤᠷᠠᠭᠤᠯᠬᠤ ᠪᠠᠷ ᠬᠠᠷᠠᠯᠲᠠ ᠪᠣᠯᠭᠠᠨ᠂ ᠡᠯ᠎ᠡ | ᠵᠦᠢᠯ ᠤᠨ ᠠᠵᠢᠯ ᠢ ᠪᠣᠳᠠᠲᠠᠶᠢᠵᠢᠭᠤᠯᠤᠨ ᠨᠠᠷᠢᠯᠢᠬᠵᠢᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ | ᠲᠦᠮᠡᠨ ᠳᠤ ᠦᠢᠯᠡᠴᠢᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ |