ᠴᠢᠦ ᠱᠠ ᠮᠦ ᠶᠧ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢᠨ ᠢᠳᠡᠰᠢᠨ ᠦᠬᠡᠷ ᠲᠡᠵᠢᠭᠡᠨ ᠦᠷᠡᠵᠢᠭᠦᠯᠬᠦ ᠲᠥᠷᠥᠯ  ᠵᠦᠢᠯ ᠤᠨ ᠲᠤᠷᠰᠢᠨ ᠡᠵᠡᠩᠨᠡᠯᠲᠡ ᠶᠢᠨ ᠦᠷ᠎ᠡ ᠪᠦᠲᠦᠮᠵᠢ ᠮᠠᠰᠢ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2023/3/10
    ᠴᠢᠦ ᠱᠠ ᠮᠦ ᠶᠧ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢᠨ ᠢᠳᠡᠰᠢᠨ ᠦᠬᠡᠷ ᠲᠡᠵᠢᠭᠡᠨ ᠦᠷᠡᠵᠢᠭᠦᠯᠬᠦ ᠲᠥᠷᠥᠯ ᠵᠦᠢᠯ ᠪᠣᠯ ᠮᠠᠨ ᠤ ᠬᠤᠰᠢᠭᠤᠨ ᠤ 2019 ᠣᠨ ᠤ ᠣᠷᠣᠭᠤᠯᠤᠨ  ᠠᠪᠴᠢᠷᠠᠭᠰᠠᠨ ᠲᠥᠷᠥᠯ ᠵᠦᠢᠯ ᠪᠣᠯᠤᠨ᠎ᠠ᠂ ᠲᠣᠰ ᠲᠥᠷᠥᠯ  ᠵᠦᠢᠯ  ᠳᠤ ᠨᠡᠶᠢᠲᠡ 1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ 247 ᠮᠥ ᠭᠠᠵᠠᠷ ᠡᠵᠡᠯᠡᠬᠦ ᠪᠠᠷ ᠲᠦᠯᠦᠪᠯᠡᠭᠰᠡᠨ ᠪᠠᠶᠢᠨ᠎ᠠ᠃ ᠭᠤᠷᠪᠠᠨ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠵᠤ᠂ 2020 ᠣᠨ ᠤ ᠡᠬᠢ ᠪᠠᠷ ᠪᠠᠷᠢᠯᠭ᠎ᠠ ᠡᠬᠢᠯᠡᠭᠦᠯᠦᠨ᠂ ᠨᠢᠭᠡᠳᠦᠭᠡᠷ ᠬᠤᠭᠤᠴᠠᠭᠠᠨ ᠤ ᠪᠠᠷᠢᠯᠭ᠎ᠠ 198 ᠮᠥ ᠭᠠᠵᠠᠷ ᠡᠵᠡᠯᠡᠵᠦ᠂ 2021 ᠣᠨ ᠤ ᠰᠡᠭᠦᠯᠴᠢ ᠪᠠᠷ ᠪᠠᠷᠢᠯᠭ᠎ᠠ ᠳᠠᠭᠤᠰᠬᠠᠬᠤ ᠶᠢᠨ ᠬᠠᠮᠲᠤ 2022 ᠣᠨ ᠤ 4 ᠰᠠᠷ᠎ᠠ ᠳᠤ ᠲᠤᠷᠰᠢᠨ  ᠠᠵᠢᠯᠯᠠᠭᠤᠯᠪᠠ᠃    ᠣᠳᠣᠬᠠᠨ ᠪᠣᠯᠲᠠᠯ᠎ᠠ᠂ 4000 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠠᠴᠠ ᠨᠠᠰᠢ᠂ ᠡᠵᠡᠩᠨᠡᠯᠲᠡ ᠶᠢᠨ ᠦᠷ᠎ᠡ ᠪᠦᠲᠦᠮᠵᠢ ᠪᠠᠷ ᠨᠡᠯᠢᠶᠡᠳ ᠰᠠᠶᠢᠨ ᠪᠠᠶᠢᠵᠤ᠂ ᠣᠲᠣ 1000 ᠢᠳᠡᠰᠢᠨ ᠦᠬᠡᠷ ᠲᠡᠵᠢᠭᠡᠨ ᠦᠷᠡᠵᠢᠭᠦᠯᠵᠦ ᠪᠣᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号