ᠠᠤᠬᠠᠨ ᠬᠤᠰᠢᠭᠤ ᠠᠩᠬᠠᠳᠠᠭᠴᠢ ᠡᠯᠧᠺᠲᠷᠣᠨ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠢ ᠲᠠᠷᠬᠠᠭᠠᠪᠠ
ᠨᠡᠶᠢᠲᠡᠯᠡᠭᠰᠡᠨ ᠴᠠᠭ᠄
2023/3/10
   3 ᠰᠠᠷ᠎ᠠ ᠶᠢᠨ 9 ᠤ ᠡᠳᠦᠷ᠂ ᠠᠤᠬᠠᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ  ᠴᠣᠩᠬᠤᠪᠴᠢ ᠳᠤ᠂ ᠪᠥᠬᠦ ᠬᠤᠰᠢᠭᠤᠨ ᠤ ᠠᠩᠬᠠᠳᠠᠭᠴᠢ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ ᠤᠨ ᠡᠯᠧᠺᠲᠷᠣᠨ ᠦᠨᠡᠮᠯᠡᠯ ᠢ ᠣᠯᠭᠤᠪᠠ᠂ ᠡᠨᠡ ᠨᠢ ᠠᠤᠬᠠᠨ ᠬᠤᠰᠢᠭᠤᠨ ᠤ ︽ᠨᠢᠭᠡ ᠰᠦᠯᠵᠢᠶ᠎ᠡ ᠪᠠᠷ ᠨᠡᠶᠢᠳᠡᠮ  ᠭᠦᠢᠴᠡᠳᠭᠡᠬᠦ︾ ᠱᠠᠲᠤᠴᠢ ᠴᠢᠨᠠᠷᠲᠠᠶ ᠦᠷ᠎ᠡ ᠪᠦᠲᠦᠭᠡᠯ ᠣᠯᠤᠭᠰᠠᠨ ᠢ ᠬᠠᠷᠠᠭᠤᠯᠵᠤ ᠪᠠᠶᠢᠨ᠎ᠠ᠃    ᠡᠯᠧᠺᠲᠷᠣᠨ ᠦᠨᠡᠮᠯᠡᠯ ᠪᠣᠯᠤᠨ ᠴᠠᠭᠠᠰᠤᠨ ᠦᠨᠡᠮᠯᠡᠯ ᠨᠢ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ ᠪᠠᠶᠢᠳᠠᠭ᠂ ᠠᠵᠤ ᠠᠬᠤᠶᠢᠯᠠᠯ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠳᠡᠭᠡᠨ ᠴᠠᠭᠠᠰᠤᠨ ᠦᠨᠡᠮᠯᠡᠯ ᠢᠶᠠᠨ ᠳᠠᠭᠢᠵᠤ ᠠᠪᠴᠤ ᠶᠠᠪᠤᠬᠤ ᠴᠢᠬᠤᠯᠠ ᠥᠬᠡᠶ᠂ ᠵᠥᠪᠬᠡᠨ ᠭᠠᠷ ᠤᠲᠠᠰᠤᠨ ᠤ ᠡᠯᠧᠺᠲᠷᠣᠨ ᠦᠨᠡᠮᠯᠡᠯ ᠢ ᠯᠡ ᠬᠡᠷᠡᠭᠯᠡᠪᠡᠯ ᠳᠠᠷᠤᠶ ᠬᠢᠯᠪᠠᠷᠬᠠᠨ ᠢᠶᠠᠷ ᠪᠠᠶᠢᠴᠠᠭᠠᠨ ᠯᠠᠪᠯᠠᠬᠤ ᠪᠠ ᠲᠤᠬᠠᠶᠢᠯᠠᠭᠰᠠᠨ ᠠᠵᠢᠯ ᠢᠶᠠᠨ  ᠭᠦᠢᠴᠡᠳᠭᠡᠵᠦ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠬᠤ ᠪᠠ ᠬᠠᠮᠲᠤ ᠪᠠᠷ ᠡᠳ᠋ᠯᠡᠵᠦ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ ᠴᠢᠳᠠᠨ᠎ᠠ᠃    ᠣᠶᠢᠷ᠎ᠠ ᠶᠢᠨ ᠵᠢᠯ ᠳᠤ᠂ ᠠᠤᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠤᠯᠤᠰ ᠪᠠ ᠮᠤᠵᠢ᠂ ᠬᠤᠲᠠ ᠶᠢᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠰᠢᠷᠢᠰ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ  ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠬᠦᠰᠦᠨᠦᠭᠲᠦ ᠶᠢᠨ ᠬᠠᠭᠤᠳᠠᠰᠤ᠂ ᠨᠢᠭᠡ ᠤᠳᠠᠭ᠎ᠠ ᠳᠤ ᠮᠠᠲ᠋ᠧᠷᠢᠶᠠᠯ ᠬᠤᠷᠢᠶᠠᠬᠤ᠂ ᠨᠢᠭᠡ ᠴᠣᠩᠬᠤᠪᠴᠢ ᠪᠠᠷ ᠭᠥᠯᠢᠶᠡᠨ ᠠᠪᠴᠤ  ᠰᠢᠢᠳᠪᠦᠷᠢᠯᠡᠬᠦ᠂ ᠨᠢᠭᠡ ᠰᠦᠯᠵᠢᠶ᠎ᠡ ᠪᠠᠷ ᠬᠢᠨᠠᠨ ᠵᠥᠪᠰᠢᠶᠡᠷᠡᠬᠦ ᠶᠡᠷᠦᠩᠬᠡᠶ ᠱᠠᠭᠠᠷᠳᠠᠯᠭ᠎ᠠ ᠶᠣᠰᠣᠭᠠᠷ᠂ ᠨᠢᠭᠡ ᠴᠤᠭᠴᠠᠵᠢᠭᠤᠯᠬᠤ᠂ ᠨᠢᠭᠡ ᠥᠷᠲᠡᠭᠡᠨ  ᠮᠠᠶ᠋ᠢᠭ ᠤᠨ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡ ᠶᠢ ᠯᠠᠪᠳᠠᠭᠤᠨ ᠢᠶᠠᠷ ᠠᠬᠢᠭᠤᠯᠵᠤ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠡᠷᠭᠡ ᠰᠦᠯᠵᠢᠶᠡᠨ ᠳᠡᠭᠡᠷᠡᠬᠢ ᠲᠠᠪᠴᠠᠩ ᠢ ᠢᠳᠡᠪᠬᠢᠲᠡᠶ ᠳᠡᠯᠭᠡᠷᠡᠭᠦᠯᠦᠨ ᠬᠡᠷᠡᠭᠯᠡᠵᠦ᠂ ᠬᠢᠨᠠᠨ ᠵᠥᠪᠰᠢᠶᠡᠷᠡᠬᠦ ᠴᠤᠪᠤᠷᠠᠯ ᠢ ᠰᠠᠨᠠᠭᠠᠴᠢᠯᠠᠭ᠎ᠠ ᠠᠴᠠ ᠪᠠᠨ ᠰᠢᠯᠢᠳᠡᠭᠵᠢᠭᠦᠯᠦᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ 62  ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ  ᠵᠦᠢᠯᠡᠰ ᠲᠤ ᠴᠥᠮ ᠰᠦᠯᠵᠢᠶᠡᠨ ᠳᠡᠭᠡᠷ᠎ᠡ ᠭᠤᠶᠤᠴᠢᠯᠠᠬᠤ᠂ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠶᠢ ᠬᠡᠷᠡᠭᠵᠢᠭᠦᠯᠵᠦ᠂ ︽ ᠨᠢᠭᠤᠷᠳᠠᠬᠤ ᠦᠭᠡᠢ ᠪᠠᠷ ᠬᠢᠨᠠᠨ ᠵᠥᠪᠰᠢᠶᠡᠷᠡᠬᠦ︾ ᠶᠢ ᠲᠦᠢᠯᠪᠤᠷᠢᠲᠠᠶ ᠪᠡᠶᠡᠯᠡᠭᠦᠯᠪᠡ᠃    ᠣᠲᠣ ᠪᠣᠯᠲᠠᠯ᠎ᠠ᠂ ᠠᠤᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢᠭᠡᠨᠲᠡ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠤᠨ ᠦᠨᠡᠮᠯᠡᠯ᠂ ᠤᠰᠤ ᠵᠠᠯᠠᠬᠤ ᠵᠥᠪᠰᠢᠶᠡᠷᠡᠯ ᠤᠨ ᠦᠨᠡᠮᠯᠡᠯ ᠵᠡᠷᠭᠡ 17  ᠵᠦᠢᠯ ᠤᠨ ᠦᠨᠡᠮᠯᠡᠯ ᠢ ᠲᠦᠷᠦᠭᠦᠤ ᠪᠦᠯᠦᠭ ᠤᠨ ᠡᠯᠧᠺᠲᠷᠣᠨ ᠦᠨᠡᠮᠯᠡᠯ ᠤᠨ ᠬᠡᠷᠡᠭᠵᠢᠭᠦᠯᠬᠦ ᠬᠡᠪᠴᠢᠶᠡᠨ ᠳᠤ ᠣᠷᠣᠭᠤᠯᠵᠤ᠂ ᠬᠤᠶᠢᠰᠢᠳᠠ ᠳᠠᠬᠢᠨ ᠭᠦᠢᠴᠡᠳᠭᠡᠬᠦ 17  ᠵᠦᠢᠯ ᠤᠨ ᠵᠥᠪᠰᠢᠶᠡᠷᠡᠯ ᠤᠨ ᠦᠨᠡᠮᠯᠡᠯ ᠳᠤ ᠴᠠᠭᠠᠰᠤᠨ ᠦᠨᠡᠮᠯᠡᠯ ᠣᠯᠭᠤᠬᠤ ᠥᠬᠡᠶ᠃ 2 ᠰᠠᠷ᠎ᠠ ᠶᠢᠨ ᠰᠡᠭᠦᠯᠴᠢ ᠪᠣᠯᠲᠠᠯ᠎ᠠ᠂ ᠠᠤᠬᠠᠨ ᠬᠤᠰᠢᠭᠤᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠥᠪ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠴᠣᠩᠬᠤᠪᠴᠢ ᠳᠤ 541 ︽ᠰᠠᠶᠢᠨ ᠮᠠᠭᠤ ᠶᠢᠨ ᠦᠨᠡᠯᠡᠯᠲᠡ︾ ᠶᠢᠨ ᠲᠤᠭ᠎ᠠ ᠪᠠᠷᠢᠮᠲᠠ ᠶᠢ ᠣᠯᠵᠤ᠂ 541  ᠵᠦᠢᠯ  ᠳᠤ ᠬᠠᠨᠤᠮᠵᠢᠲᠠᠶ ᠪᠠᠶᠢᠵᠤ᠂  ᠬᠠᠨᠤᠮᠵᠢ ᠶᠢᠨ  ᠬᠡᠮᠵᠢᠶ᠎ᠡ100% ᠳᠤ ᠭᠦᠷᠦᠭᠰᠡᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号