ᠠᠣᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠠᠷᠢᠶᠠᠯᠠᠭ᠎ᠠ ᠳᠤ ᠪᠡᠯᠡᠳᠬᠡᠵᠦ ᠬᠠᠪᠤᠷ ᠤᠨ ᠲᠠᠷᠢᠶᠠᠯᠠᠭ᠎ᠠ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ
ᠨᠡᠶᠢᠲᠡᠯᠡᠭᠰᠡᠨ ᠴᠠᠭ᠄
2023/3/15
     ᠨᠢᠭᠡ ᠳᠤ᠂ ᠭᠤᠷᠪᠠᠨ ᠤᠯᠠᠭᠠᠨ ᠱᠤᠭᠤᠮ ᠢ ᠴᠢᠩᠭ᠎ᠠ ᠰᠠᠬᠢᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠪᠠ ᠬᠡᠷᠡᠭᠯᠡᠭᠡ ᠶᠢ ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ ᠪᠥᠬᠦ ᠬᠤᠰᠢᠭᠤᠨ ᠤ 400 ᠲᠦᠮᠡᠨ ᠮᠥ ᠲᠠᠷᠢᠶᠠᠨ ᠭᠠᠵᠠᠷ ᠤᠨ ᠲᠠᠯᠠᠪᠠᠶ  ᠂ 300 ᠲᠦᠮᠡᠨ ᠮᠥ ᠠᠮᠤ ᠪᠤᠳᠠᠭᠠᠨ ᠤ ᠲᠠᠷᠢᠮᠠᠯ ᠤᠨ ᠲᠠᠯᠠᠪᠠᠶ  ᠂ 21 ᠳ᠋ᠦᠩᠰᠢᠭᠤᠷ ᠵᠢᠩ ᠤᠨ ᠠᠮᠤ ᠪᠤᠳᠠᠭᠠᠨ ᠤ ᠤᠨᠠᠯᠲᠠ ᠶᠢᠨ ᠭᠤᠷᠪᠠᠨ ᠤᠯᠠᠭᠠᠨ ᠱᠤᠭᠤᠮ ᠢ ᠪᠠᠲᠤ ᠰᠠᠬᠢᠨ᠎ᠠ᠃ ᠰᠢᠷ᠎ᠠ ᠪᠤᠷᠴᠠᠭ᠂ ᠲᠣᠰᠣᠯᠢᠭ ᠲᠠᠷᠢᠮᠠᠯ  ᠤᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ  ᠢ ᠭᠦᠨᠵᠡᠭᠡᠶ ᠲᠥᠯᠬᠢᠨ ᠠᠬᠢᠭᠤᠯᠵᠤ᠂ 10 ᠲᠦᠮᠡᠨ ᠮᠤ᠋ ᠰᠢᠷ᠎ᠠ ᠪᠤᠷᠴᠠᠭ ᠲᠡᠷᠢᠬᠤ ᠲᠠᠯᠠᠪᠠᠢ ᠶᠢ  ᠪᠠᠲᠤᠯᠠᠨ᠂ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠲᠡᠷᠢᠬᠤ ᠲᠠᠯᠠᠪᠠᠢ ᠶᠢ 1200  ᠮᠤ᠋ ᠳᠡᠯᠭᠡᠷᠡᠭᠦᠯᠦᠨ᠎ᠡ᠃    ᠬᠤᠶᠠᠷ ᠲᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠠᠮᠤ ᠪᠤᠳᠠᠭ᠎ᠠ ᠶᠢ ᠭᠠᠵᠠᠷ ᠰᠢᠷᠣᠶ ᠳᠤ ᠬᠠᠳᠠᠭᠠᠯᠠᠵᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ ᠶᠢ ᠴᠢᠩᠭᠠᠳᠬᠠᠵᠤ᠂ ᠨᠢᠭᠡᠴᠢ ᠶᠢᠨ ᠤᠨᠠᠯᠲᠠ ᠶᠢ ᠭᠠᠷᠭᠠᠵᠤ ᠠᠪᠬᠤ᠂ ᠮᠡᠷᠭᠡᠵᠢᠯ ᠢ ᠳᠡᠯᠭᠡᠷᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ 3 ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠨᠠᠶᠢᠳᠠᠪᠤᠷᠢᠵᠢᠭᠤᠯᠤᠨ᠂ ᠡᠷᠳᠡᠨᠢ ᠰᠢᠰᠢ᠂ ᠨᠠᠷᠢᠮᠤ ᠪᠠᠷ ᠭᠤᠤᠯᠳᠠᠯᠭ᠎ᠠ ᠪᠣᠯᠭᠠᠭᠰᠠᠨ ᠭᠤᠤᠯ ᠪᠣᠯᠬᠤ ᠠᠮᠤ ᠪᠤᠳᠠᠭᠠᠨ ᠤ ᠲᠠᠷᠢᠮᠠᠯ ᠤᠨ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠤᠷᠠᠮᠠᠯ ᠤᠭᠰᠠᠷᠠᠯᠲᠠ ᠨᠢ ᠠᠣᠬᠠᠨ ᠬᠤᠰᠢᠭᠤᠨ ᠤ ᠮᠡᠷᠭᠡᠵᠢᠯ ᠤᠨ ᠬᠡᠷᠡᠭᠵᠢᠭᠦᠯᠬᠦ ᠲᠥᠰᠦᠯ ᠳᠤ ᠳᠣᠭᠢᠷᠠᠨ᠎ᠠ᠃ ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠷᠠᠭᠤᠯᠤᠨ᠂ ᠨᠢᠭᠡ ᠪᠦᠯᠦᠭ ᠥᠨᠳᠥᠷ ᠤᠨᠠᠯᠲᠠ ᠲᠠᠢ ᠤᠨᠠᠯᠲᠠ ᠶᠢ ᠨᠡᠮᠡᠭᠳᠡᠭᠦᠯᠬᠦ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠳᠡᠯᠭᠡᠷᠡᠭᠦᠯᠵᠦ᠂ ᠭᠤᠤᠯ ᠳᠡᠯᠭᠡᠷᠡᠭᠦᠯᠬᠦ ᠲᠥᠷᠥᠯ ᠵᠦᠢᠯ ᠪᠠ ᠭᠤᠤᠯ ᠳᠡᠯᠭᠡᠷᠡᠭᠦᠯᠬᠦ ᠮᠡᠷᠭᠡᠵᠢᠯ ᠤᠨ ᠡᠷᠦᠬᠡ ᠳᠤ ᠣᠷᠣᠬᠤ ᠨᠣᠷᠮ᠎ᠠ᠂ ᠪᠣᠳᠠᠲᠠᠶᠢᠵᠢᠭᠤᠯᠬᠤ ᠨᠣᠷᠮ᠎ᠠ ᠶᠢ  ᠳᠡᠭᠡᠭᠰᠢᠯᠡᠭᠦᠯᠦᠨ᠎ᠡ᠃    ᠭᠤᠷᠪᠠ ᠳᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠤᠰᠬᠠᠢ ᠠᠩᠭᠢ ᠪᠠᠶᠢᠭᠤᠯᠵᠤ᠂ ᠲᠤᠰᠬᠠᠶ ᠬᠥᠮᠦᠨ ᠲᠣᠬᠢᠷᠠᠭᠤᠯᠤᠨ ᠭᠠᠷᠠᠭ ᠪᠦᠷᠢ ᠴᠢᠬᠤᠯᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠤ ᠬᠠᠩᠭᠠᠯᠭ᠎ᠠ ᠬᠡᠷᠡᠭᠴᠡᠭᠡᠨ ᠤ ᠪᠠᠶᠢᠳᠠᠯ ᠪᠣᠯᠤᠨ ᠰᠢᠯᠵᠢᠭᠦᠯᠦᠨ ᠲᠡᠭᠡᠭᠡᠪᠦᠷᠢᠯᠡᠬᠦ ᠪᠠᠶᠢᠳᠠᠯ ᠢ ᠲᠣᠬᠢᠷᠠᠭᠤᠯᠤᠨ᠎ᠠ᠃ ︽ᠬᠠᠭᠤᠷᠮᠠᠭ ᠲᠤ ᠴᠣᠬᠢᠯᠲᠠ ᠥᠭᠴᠦ ᠲᠠᠷᠢᠶᠠᠯᠠᠩ ᠢ ᠬᠠᠮᠠᠭᠠᠯᠠᠨ ᠬᠠᠪᠤᠷ ᠤᠨ ᠲᠠᠷᠢᠶᠠᠯᠠᠭ᠎ᠠ ᠶᠢ ᠪᠠᠲᠤᠯᠠᠬᠤ︾ ᠶᠢᠨ ᠲᠤᠰᠬᠠᠶ ᠠᠵᠢᠯᠯᠠᠭ᠎ᠠ ᠶᠢ ᠴᠠᠭ ᠲᠤᠬᠠᠶ ᠳᠤᠨᠢ ᠥᠷᠨᠢᠭᠦᠯᠵᠦ᠂ ᠲᠠᠷᠢᠶᠠᠨ ᠦᠷ᠎ᠡ᠂ ᠪᠤᠷᠳᠤᠭᠤᠷ᠂ ᠲᠠᠷᠢᠶᠠᠨ ᠡᠮ᠂ ᠲᠠᠷᠢᠶᠠᠨ ᠭᠠᠵᠠᠷ ᠤᠨ ᠰᠦᠯᠢᠶᠣᠣ ᠪᠦᠷᠬᠦᠪᠴᠢ᠂ ᠲᠠᠷᠢᠶᠠᠯᠠᠩ ᠤᠨ ᠮᠠᠰᠢᠨ ᠵᠡᠷᠭᠡ ᠶᠢᠨ ᠲᠣᠭᠤᠷᠢᠨ ᠳᠤ ᠭᠤᠣᠯᠳᠠᠯᠭ᠎ᠠ ᠲᠠᠢ ᠪᠠᠷ ᠬᠠᠤᠯᠢ ᠲᠣᠭᠲᠠᠭᠠᠯ ᠠᠴᠠ ᠵᠥᠷᠢᠴᠡᠨ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠴᠢᠳ ᠤᠨ ᠰᠠᠨᠠᠭ᠎ᠠ ᠠᠮᠤᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠡᠷᠡᠭᠯᠡᠬᠦ ᠶᠢ ᠦᠨᠡᠨ ᠬᠦ ᠪᠠᠲᠤᠯᠠᠨ᠎ᠠ᠃    ᠲᠦᠷᠪᠡ ᠳᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠨ ᠭᠠᠵᠠᠷ ᠢᠶᠠᠷ ᠭᠤᠣᠯᠳᠠᠯᠭ᠎ᠠ ᠪᠣᠯᠭᠠᠨ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ 19 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠬᠤ  ᠪᠠ ᠥᠭᠡᠷᠡᠴᠢᠯᠡᠨ  ᠪᠠᠶᠢᠭᠤᠯᠤᠨ᠎ᠠ᠃ ᠵᠡᠭᠦᠨ ᠬᠤᠶᠢᠲᠤ ᠣᠷᠣᠨ ᠤ ᠬᠠᠷ᠎ᠠ ᠬᠥᠷᠥᠰᠥ ᠶᠢᠨ ᠬᠠᠮᠠᠭᠠᠯᠠᠯᠲᠠ ᠶᠢ ᠲᠦᠯᠬᠢᠨ ᠠᠬᠢᠭᠤᠯᠵᠤ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠲᠠᠯᠠᠪᠠᠢ ᠶᠢ 1.5 ᠲᠦᠮᠡᠨ  ᠮᠤ᠋ ᠳᠡᠯᠭᠡᠷᠡᠭᠦᠯᠦᠨ᠎ᠡ᠃ ᠪᠦᠷᠬᠦᠭᠦᠯ ᠦᠭᠡᠢ ᠭᠦᠢᠬᠡᠨ  ᠪᠤᠯᠠᠵᠤ ᠳᠤᠰᠤᠯᠭᠠᠬᠤ ᠬᠤᠭᠤᠯᠠᠶ᠂ ᠨᠡᠪᠴᠢᠭᠦᠯᠦᠨ ᠤᠰᠤᠯᠠᠬᠤ ᠵᠡᠷᠭᠡ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ 3.2 ᠲᠦᠮᠡᠨ ᠰᠠᠭᠤᠷᠢ ᠤᠰᠤ ᠵᠠᠯᠠᠬᠤ ᠮᠠᠰᠢᠨ ᠪᠠᠭᠠᠵᠢ ᠶᠢ ᠣᠷᠣᠭᠤᠯᠤᠨ᠎ᠠ᠃    ᠲᠠᠪᠤ ᠳᠤ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠴᠢᠨᠠᠷ ᠰᠠᠶᠢᠲᠠᠶ ᠬᠠᠩᠭᠠᠯᠭ᠎ᠠ ᠶᠢ ᠪᠠᠲᠤᠯᠠᠨ᠎ᠠ᠃ ᠲᠠᠷᠢᠮᠠᠯ ᠤᠨ  ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ 100 ᠲᠦᠮᠡᠨ ᠮᠥ  ᠴᠢᠨᠠᠷ ᠰᠠᠶᠢᠲᠠᠶ ᠨᠠᠷᠢᠮᠤ ᠳᠠᠷᠢᠬᠤ ᠰᠠᠭᠤᠷᠢᠨ ᠭᠠᠵᠠᠷ ᠂18 ᠲᠦᠮᠡᠨ ᠮᠥ ᠴᠢᠨᠠᠷ ᠰᠠᠶᠢᠲᠠᠶ ᠰᠠᠭᠠᠭ ᠤᠨ ᠳᠠᠷᠢᠬᠤ ᠰᠠᠭᠤᠷᠢᠨ ᠭᠠᠵᠠᠷ ᠂ 10 ᠲᠦᠮᠡᠨ ᠮᠥ ᠴᠢᠨᠠᠷ ᠰᠠᠶᠢᠲᠠᠶ ᠨᠣᠭᠤᠭᠠᠨ ᠪᠤᠷᠴᠠᠭ ᠳᠠᠷᠢᠬᠤ ᠰᠠᠭᠤᠷᠢᠨ ᠭᠠᠵᠠᠷ ᠢ  ᠪᠥᠲᠥᠭᠡᠨ ᠪᠠᠶᠢᠭᠤᠯᠤᠨ᠎ᠠ᠃ ᠪᠣᠬᠢᠷᠲᠤᠯ ᠥᠬᠡᠶ᠂ ᠣᠷᠭᠠᠨᠢᠭ᠂ ᠨᠠᠷᠠᠲᠤ ᠰᠢᠯᠢᠳᠡᠭ ᠣᠨᠴᠠ ᠰᠢᠨ᠎ᠡ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠳᠣᠪᠤᠶᠢᠯᠭᠠᠵᠤ᠂ 27 ᠲᠦᠮᠡᠨ ᠮᠥ ᠲᠠᠷᠢᠮᠠᠯ ᠤᠨ ᠪᠣᠬᠢᠷᠲᠤᠯ ᠥᠬᠡᠶ ᠦᠢᠯᠡᠳᠪᠦᠷᠢᠯᠡᠯ ᠤᠨ ᠰᠠᠭᠤᠷᠢᠨ ᠭᠠᠵᠠᠷ᠂ 15 ᠲᠦᠮᠡᠨ ᠮᠥ ᠣᠷᠭᠠᠨᠢᠭ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号