ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ︽ᠠᠤᠬᠠᠨ ᠬᠤᠰᠢᠭᠤᠨ ᠤ ᠭᠠᠵᠠᠷ ᠤᠨ ᠨᠡᠷ᠎ᠡ ᠶᠢᠨ ᠰᠣᠶᠣᠯ︾ ᠤᠨ ᠠᠩᠬᠠᠨ ᠤ ᠬᠢᠨᠠᠯᠲᠠ ᠶᠢᠨ ᠨᠣᠤᠷᠠᠭ ᠲᠤ ᠵᠠᠰᠠᠪᠤᠷᠢ ᠣᠷᠣᠭᠤᠯᠪᠠ
ᠨᠡᠶᠢᠲᠡᠯᠡᠭᠰᠡᠨ ᠴᠠᠭ᠄
2023/3/15
   2023 ᠣᠨ ᠤ 2 ᠰᠠᠷ᠎ᠠ ᠶᠢᠨ 17 ᠤ ᠡᠳᠦᠷ᠂ ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠤᠯᠠᠭᠠᠨᠬᠠᠳᠠ ᠬᠤᠲᠠ ᠶᠢᠨ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷ᠎ᠡ ᠶᠢᠨ ᠰᠠᠯᠠᠭ᠎ᠠ ᠠᠴᠠ ᠢᠷᠡᠭᠦᠯᠦᠭᠰᠡᠨ ᠬᠡᠪᠯᠡᠯ ᠤᠨ ᠬᠤᠷᠢᠶ᠎ᠠ ᠶᠢᠨ ᠠᠩᠬ᠎ᠠ ᠬᠢᠨᠠᠭᠰᠠᠨ ᠤ ᠳᠠᠷᠠᠭᠠᠬᠢ ︽ᠠᠤᠬᠠᠨ ᠬᠤᠰᠢᠭᠤᠨ ᠤ ᠭᠠᠵᠠᠷ ᠤᠨ ᠨᠡᠷ᠎ᠡ ᠶᠢᠨ ᠰᠣᠶᠣᠯ︾ ᠢ ᠲᠤᠰᠪᠠ᠃ ᠬᠡᠪᠯᠡᠯ ᠤᠨ ᠬᠤᠷᠢᠶ᠎ᠠ ᠶᠢᠨ ᠬᠠᠷᠢᠭᠤ ᠲᠤᠰᠬᠠᠭᠰᠠᠨ ᠰᠠᠨᠠᠯ ᠢ ᠦᠨᠳᠦᠰᠦᠯᠡᠨ᠂ ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠡᠷᠡ ᠳᠠᠷᠤᠶ ᠳᠤᠨᠢ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠭᠡᠰᠢᠭᠦᠳ ᠢ ᠴᠤᠭᠯᠠᠭᠤᠯᠤᠨ ᠬᠠᠷᠭᠤᠭᠤᠯᠪᠠ᠃    ᠡᠩ ᠲᠡᠷᠢᠭᠦᠨ ᠳᠤ᠂ ᠬᠡᠪᠯᠡᠯ ᠤᠨ ᠬᠤᠷᠢᠶᠠᠨ ᠤ ᠳᠤᠷᠠᠳᠤᠭᠰᠠᠨ ᠰᠠᠨᠠᠯ ᠢ ᠬᠢᠨᠠᠨ ᠬᠠᠷᠭᠤᠭᠤᠯᠤᠭᠰᠠᠨ ᠪᠥᠭᠡᠳ ᠵᠠᠰᠠᠪᠤᠷᠢ ᠣᠷᠣᠭᠤᠯᠪᠠ᠃ ᠵᠠᠯᠭᠠᠭᠠᠳ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠭᠡᠰᠢᠭᠦᠳ ᠲᠣᠰ ᠨᠣᠮ ᠤᠨ ᠮᠣᠩᠭᠤᠯ ᠬᠡᠯᠡ ᠵᠢᠴᠢ ᠭᠤᠤᠯ ᠵᠣᠬᠢᠶᠠᠯ ᠢ ᠨᠡᠶᠢᠳᠡᠮ ᠤᠩᠰᠢᠵᠤ᠂ ᠦᠭᠡ ᠬᠡᠯᠡᠯᠭᠡ ᠶᠢ ᠵᠣᠬᠢᠴᠠᠭᠤᠯᠬᠤ᠂ ᠴᠡᠭ ᠲᠡᠮᠳᠡᠭ᠂ ᠵᠢᠷᠤᠭ ᠤᠨ ᠣᠷᠣᠨ ᠪᠠᠶᠢᠷᠢ᠂ ᠦᠭᠡ ᠥᠭᠦᠯᠡᠪᠦᠷᠢ ᠶᠢᠨ ᠲᠤᠭ᠎ᠠ ᠬᠡᠮᠵᠢᠶ᠎ᠡ ᠵᠡᠷᠭᠡ ᠶᠢ ᠪᠥᠬᠦ ᠲᠠᠯ᠎ᠠ ᠪᠠᠷ ᠵᠠᠰᠠᠵᠤ ᠲᠣᠬᠢᠷᠠᠭᠤᠯᠪᠠ᠃ 20 ᠭᠠᠷᠤᠶ ᠡᠳᠦᠷ ᠤᠨ ᠳᠠᠷᠠᠭ᠎ᠠ ᠪᠦᠬᠦ ᠨᠣᠮ ᠢ ᠬᠠᠷᠭᠤᠭᠤᠯᠵᠤ ᠳᠠᠭᠤᠰᠬᠠᠪᠠ᠃    ︽ᠠᠤᠬᠠᠨ ᠬᠤᠰᠢᠭᠤᠨ ᠤ ᠭᠠᠵᠠᠷ ᠤᠨ ᠨᠡᠷ᠎ᠡ ᠶᠢᠨ ᠰᠣᠶᠣᠯ︾ ᠭᠡᠬᠦ ᠨᠣᠮ ᠳᠤ ᠠᠤᠬᠠᠨ ᠬᠤᠰᠢᠭᠤᠨ ᠤ ᠭᠠᠵᠠᠷ ᠤᠨ ᠨᠡᠷ᠎ᠡ ᠶᠢᠨ ᠲᠡᠤᠬᠡ ᠪᠠ ᠣᠳᠣᠬᠢ ᠪᠠᠶᠢᠳᠠᠯ ᠢ ᠪᠥᠬᠦ ᠲᠠᠯ᠎ᠠ ᠪᠠᠷ ᠨᠠᠷᠢᠨ ᠪᠣᠳᠠᠲᠠᠶ ᠪᠠᠷ ᠲᠡᠮᠳᠡᠭᠯᠡᠵᠦ᠂ ᠭᠠᠵᠠᠷ ᠤᠨ ᠨᠡᠷ᠎ᠡ ᠪᠠᠷ ᠠᠴᠢᠶᠠᠯᠠᠭᠴᠢ ᠪᠣᠯᠭᠠᠭᠰᠠᠨ ᠭᠠᠵᠠᠷ ᠤᠨ ᠨᠡᠷ᠎ᠡ ᠶᠢᠨ ᠲᠡᠮᠳᠡᠭᠯᠡᠯ᠂ ᠭᠠᠵᠠᠷ ᠤᠨ ᠨᠡᠷ᠎ᠡ ᠶᠢᠨ ᠰᠢᠨᠵᠢᠯᠡᠯ᠂ ᠭᠠᠵᠠᠷ ᠤᠨ ᠨᠡᠷ᠎ᠡ ᠶᠢᠨ ᠥᠯᠢᠭᠡᠷ ᠵᠡᠷᠭᠡ ᠰᠣᠶᠣᠯ ᠤᠨ ᠡᠬᠢ ᠰᠤᠷᠪᠤᠯᠵᠢ ᠶᠢ ᠠᠭᠤᠳᠠᠯᠵᠤ᠂ ᠠᠤᠬᠠᠨ ᠬᠤᠰᠢᠭᠤᠨ ᠤ ᠭᠠᠵᠠᠷ ᠤᠨ ᠨᠡᠷ᠎ᠡ ᠶᠢᠨ ᠴᠤᠭ ᠵᠢᠪᠬᠤᠭ᠎ᠠ ᠶᠢ ᠪᠥᠬᠦ ᠲᠠᠯ᠎ᠠ ᠪᠠᠷ ᠳᠡᠯᠭᠡᠨ ᠦᠵᠡᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号