ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠡᠭᠦᠷᠭᠡ ᠴᠢᠳᠠᠪᠤᠷᠢ ᠪᠠᠨ ᠪᠠᠳᠠᠷᠠᠭᠤᠯᠵᠤ ᠡᠳ᠋ ᠤᠨ ᠵᠠᠰᠠᠭ ᠤᠨ ᠬᠢᠨᠠᠯᠲᠠ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2023/3/15
   2022 ᠣᠨ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠡᠳ᠋ ᠤᠨ ᠵᠠᠰᠠᠭ ᠤᠨ ︽ᠶᠡᠭᠡ ᠬᠢᠨᠠᠯᠲᠠ︾ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ ᠪᠣᠯᠭᠠᠵᠤ᠂ ᠡᠳ᠋ ᠤᠨ ᠵᠠᠰᠠᠭ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢ  ᠭᠦᠢᠴᠡᠳ ᠪᠠᠳᠠᠷᠠᠭᠤᠯᠤᠨ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ᠂  ᠠᠣᠬᠠᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠠᠮᠠᠭᠠᠯᠠᠨ᠎ᠠ᠃    ᠨᠢᠭᠡ ᠳᠤ᠂  ᠡᠳ᠋ ᠤᠨ ᠵᠠᠰᠠᠭ ᠤᠨ ︽ᠶᠡᠭᠡ ᠬᠢᠨᠠᠯᠲᠠ︾ ᠶᠢᠨ ᠪᠠᠶᠢᠷᠢᠰᠢᠯ ᠢ ᠪᠤᠢ ᠪᠣᠯᠭᠠᠨ᠎ᠠ᠃ ᠳᠣᠲᠣᠭᠠᠳᠤ ᠡᠵᠡᠮᠳᠡᠯ ᠤᠨ ᠲᠦᠷᠢᠮ᠂ ᠲᠥᠰᠦᠪ ᠪᠠ ᠲᠥᠰᠦᠪ ᠤᠨ ᠭᠦᠢᠴᠡᠳᠭᠡᠯ ᠢ ᠢᠯᠡ ᠪᠣᠯᠭᠠᠬᠤ᠂ ᠳᠣᠲᠣᠭᠠᠳᠤ ᠶᠢᠨ ᠬᠢᠨᠠᠯᠲᠠ ᠪᠠᠶᠢᠴᠠᠭᠠᠯᠲᠠ᠂ ᠨᠢᠭᠲᠠᠯᠠᠨ ᠪᠤᠳᠤᠭᠴᠢ ᠶᠢᠨ ᠮᠡᠳᠡᠭᠡ ᠵᠠᠩᠭᠢ ᠶᠢᠨ ᠶᠠᠰᠤ ᠴᠢᠨᠠᠷ᠂ ᠰᠢᠭᠤᠳ ᠬᠥᠷᠬᠦ ᠪᠠᠯᠠ ᠮᠥᠩᠭᠦ ᠶᠢ ᠰᠠᠯᠭᠠᠨ ᠥᠭᠭᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠪᠠᠶᠢᠴᠠᠭᠠᠨ ᠳᠡᠯᠭᠡᠭᠰᠡᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠤᠨ᠎ᠠ᠃    ᠬᠤᠶᠠᠷ ᠲᠤ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠳᠡᠭᠡᠳᠦ ᠱᠠᠲᠤᠨ ᠤ ︽ᠳᠠᠷᠤᠭᠳᠠᠮᠠᠯ ᠪᠠᠯᠠ ᠮᠥᠩᠭᠦ ᠶᠢ ᠶᠡᠭᠡ ᠪᠠᠷ ᠰᠠᠭᠤᠷᠢ ᠪᠣᠯᠭᠠᠬᠤ︾ ᠲᠤᠰᠬᠠᠶ ᠠᠵᠢᠯᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠡᠭᠦᠷᠭᠡ ᠬᠠᠷᠢᠭᠤᠴᠠᠯᠭ᠎ᠠ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠬᠤᠷᠢᠶᠠᠨ ᠠᠪᠴᠢᠷᠠᠬᠤ ᠶᠣᠰᠣᠲᠠᠶ ᠡᠳ᠋ ᠤᠨ ᠵᠠᠰᠠᠭ ᠤᠨ ᠦᠯᠡᠳᠡᠭᠡᠯ ᠪᠠᠯᠠ ᠮᠥᠩᠭᠦ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠢᠯᠭᠠᠷᠠᠭᠤᠯᠤᠨ᠎ᠠ᠃  ᠬᠤᠪᠢ ᠶᠢᠨ ᠪᠠᠶᠢᠴᠠᠭᠠᠯᠲᠠ ᠪᠠᠷ ᠳᠠᠮᠵᠢᠨ᠂ ᠬᠢᠨᠠᠨ ᠪᠤᠳᠤᠵᠤ ᠬᠠᠷᠭᠤᠭᠤᠯᠤᠨ ᠪᠠᠶᠢᠴᠠᠭᠠᠬᠤ ᠵᠢᠴᠢ ᠦᠷᠭᠦᠯᠵᠢᠯᠡᠨ ᠰᠤᠳᠤᠯᠤᠨ  ᠮᠠᠭᠠᠳᠯᠠᠨ    ᠂ ᠬᠠᠳᠠᠭᠠᠯᠠᠵᠤ ᠪᠠᠶᠢᠭ᠎ᠠ ᠪᠡᠯᠡ ᠮᠥᠩᠭᠦ ᠶᠢ ᠨᠡᠶᠢᠳᠡ 1796 ᠲᠦᠮᠡᠨ ᠲᠥᠭᠦᠷᠢᠭ ᠬᠤᠷᠢᠶᠠᠨ ᠠᠪᠴᠤ᠂ ᠨᠢᠭᠡᠳᠦᠯᠲᠡᠶ ᠲᠥᠯᠥᠪᠯᠡᠨ ᠬᠡᠷᠡᠭᠯᠡᠵᠦ ᠪᠣᠯᠬᠤ ᠲᠤᠨᠤᠮᠠᠯ ᠪᠡᠯᠡ ᠮᠥᠩᠭᠦ ᠶᠢ 1447 ᠲᠦᠮᠡᠨ ᠲᠥᠭᠦᠷᠢᠭ ᠠᠮᠢᠳᠤᠯᠢᠭ ᠪᠣᠯᠭᠠᠵᠤ᠂ ᠲᠤᠨᠤᠮᠠᠯ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠪᠠᠳᠠᠷᠠᠭᠤᠯᠪᠠ᠃    ᠭᠤᠷᠪᠠ ᠳᠤ᠂ ᠬᠤᠳᠠᠯᠳᠤᠨ ᠠᠪᠬᠤ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠶᠢ ᠬᠢᠨᠠᠨ ᠬᠠᠷᠭᠤᠭᠤᠯᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠵᠤ ᠂ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠠᠵᠢᠯᠯᠠᠭ᠎ᠠ ᠶᠢ ᠪᠥᠬᠦ ᠲᠠᠯ᠎ᠠ ᠪᠠᠷ ᠵᠢᠷᠤᠮᠵᠢᠭᠤᠯᠤᠨ᠂ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠤᠶᠤᠨᠲᠤ ᠡᠭᠦᠯᠡᠨ ᠲᠠᠪᠴᠠᠩ ᠢ ᠶᠡᠬᠡᠪᠡᠷ ᠳᠡᠯᠭᠡᠷᠡᠭᠦᠯᠦᠨ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠲᠠᠰ ᠳᠠᠷᠠᠭᠠᠯᠠᠯ ᠢ ᠤᠯᠠᠮ ᠨᠢᠭᠡ ᠠᠯᠬᠤᠮ ᠳᠥᠭᠦᠮᠴᠢᠯᠡᠨ᠂ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠢᠯᠡ ᠲᠣᠳᠣ  ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ᠃  ᠪᠦᠬᠦ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠲᠥᠰᠦᠪ 38848 ᠲᠦᠮᠡᠨ ᠲᠥᠭᠦᠷᠢᠭ ᠬᠦᠷᠴᠦ᠂ ᠬᠤᠳᠠᠯᠳᠤᠨ ᠠᠪᠠᠨ᠋ᠥ ᠪᠠᠯᠠ ᠮᠥᠩᠭᠦ 37362 ᠲᠦᠮᠡᠨ ᠲᠥᠭᠦᠷᠢᠭ 462 ᠪᠦᠯᠦᠭ ᠤᠳᠠᠭ᠎ᠠ ᠶᠢ ᠪᠡᠶᠡᠯᠡᠭᠦᠯᠵᠦ᠂ 186 ᠲᠦᠮᠡᠨ ᠲᠥᠭᠦᠷᠢᠭ ᠤᠨ  ᠪᠠᠯᠠ ᠮᠥᠩᠭᠦ  ᠠᠷᠪᠢᠯᠠᠵᠤ᠂ ᠪᠠᠯᠠ ᠮᠥᠩᠭᠦ ᠠᠷᠪᠢᠯᠠᠭᠰᠠᠨ ᠨᠣᠷᠮ᠎ᠠ 3.32% ᠲᠤ ᠬᠥᠷᠪᠡ᠃    ᠲᠦᠷᠪᠡ ᠳᠤ᠂ ᠡᠳ᠋ ᠤᠨ ᠵᠠᠰᠠᠭ ᠤᠨ ᠬᠢᠨᠠᠨ ᠲᠣᠭᠲᠠᠭᠠᠵᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ︽ᠠᠤᠬᠠᠨ ᠬᠤᠰᠢᠭᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠲᠦᠷᠢᠮ︾ ᠤᠨ ᠲᠣᠭᠲᠠᠭᠠᠯ ᠶᠣᠰᠣᠭᠠᠷ᠂ ᠪᠥᠬᠦ ᠵᠢᠯ ᠤᠨ ᠲᠥᠰᠦᠪ ᠤᠨ ᠬᠢᠨᠠᠨ ᠲᠣᠭᠲᠠᠭᠠᠯᠲᠠ ᠳᠤ ᠨᠡᠶᠢᠲᠡ 999 ᠲᠥᠷᠥᠯ  ᠵᠦᠢᠯ ᠤᠨ ᠪᠠᠯᠠ ᠮᠥᠩᠭᠦ ᠶᠢ ᠬᠢᠨᠠᠨ ᠲᠣᠭᠲᠠᠭᠠᠵᠤ᠂ ᠬᠦᠷᠭᠡᠵᠦ ᠬᠢᠨᠠᠭᠤᠯᠤᠭᠰᠠᠨ ᠲᠥᠷᠥᠯ  ᠵᠦᠢᠯ ᠤᠨ ᠵᠣᠭᠤᠰᠣᠨ ᠲᠤᠭ᠎ᠠ 152817 ᠲᠦᠮᠡᠨ ᠲᠥᠭᠦᠷᠢᠭ᠂ ᠬᠢᠨᠠᠨ ᠲᠣᠭᠲᠠᠭᠠᠭᠰᠠᠨ ᠲᠥᠷᠥᠯ  ᠵᠦᠢᠯ ᠤᠨ ᠵᠣᠭᠤᠰᠣᠨ ᠲᠤᠭ᠎ᠠ 135234 ᠲᠦᠮᠡᠨ ᠲᠥᠭᠦᠷᠢᠭ᠂ ᠬᠢᠨᠠᠨ ᠲᠣᠭᠲᠠᠭᠠᠭᠰᠠᠨ ᠪᠠᠯᠠ ᠮᠥᠩᠭᠦ 17583 ᠲᠦᠮᠡᠨ ᠲᠥᠭᠦᠷᠢᠭ᠂ ᠬᠢᠨᠠᠨ ᠬᠠᠰᠤᠭᠰᠠᠨ ᠨᠣᠷᠮ᠎ᠠ 11.51% ᠪᠣᠯᠤᠨ᠎ᠠ᠃ ᠳ᠋ᠦᠩᠨᠡᠨ ᠪᠤᠳᠤᠵᠤ ᠬᠢᠨᠠᠨ ᠲᠣᠭᠲᠠᠭᠠᠬᠤ ᠳᠤ ᠨᠡᠶᠢᠲᠡ 37 ᠵᠦᠢᠯ ᠤᠨ  ᠪᠠᠯᠠ ᠮᠥᠩᠭᠦ  ᠶᠢ ᠬᠢᠨᠠᠨ ᠲᠣᠭᠲᠠᠭᠠᠪᠠ᠂ ᠬᠦᠷᠭᠡᠵᠦ ᠬᠢᠨᠠᠭᠤᠯᠬᠤ  ᠵᠦᠢᠯᠡᠰ ᠤᠨ ᠵᠣᠭᠤᠰ ᠤᠨ ᠲᠤᠭ᠎ᠠ 8974 ᠲᠦᠮᠡᠨ ᠲᠥᠭᠦᠷᠢᠭ᠂ ᠬᠢᠨᠠᠨ ᠲᠣᠭᠲᠠᠭᠠᠬᠤ  ᠵᠦᠢᠯᠡᠰ ᠤᠨ ᠵᠣᠭᠤᠰ ᠤᠨ ᠲᠤᠭ᠎ᠠ 8621 ᠲᠦᠮᠡᠨ ᠲᠥᠭᠦᠷᠢᠭ᠂ ᠬᠢᠨᠠᠨ ᠲᠣᠭᠲᠠᠭᠠᠬᠤ ᠪᠠᠯᠠ ᠮᠥᠩᠭᠦ 353 ᠲᠦᠮᠡᠨ ᠲᠥᠭᠦᠷᠢᠭ᠂ ᠬᠢᠨᠠᠨ ᠬᠠᠰᠤᠭᠰᠠᠨ ᠨᠣᠷᠮ᠎ᠠ 3.93% ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号