ᠰᠢᠶᠠ ᠸᠠ ᠪᠠᠯᠭᠠᠰᠤᠨ ᠳᠤ 3 · 15 ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/16
   ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠵᠤ᠂ ᠵᠠᠬ᠎ᠠ ᠳᠡᠯᠭᠡᠭᠦᠷ ᠤᠨ ᠡᠷᠬᠡ ᠲᠡᠭᠰᠢ᠂ ᠵᠦᠶ ᠵᠣᠬᠢᠰᠲᠠᠶ ᠬᠡᠷᠡᠭᠯᠡᠭᠡ ᠶᠢ ᠠᠬᠢᠭᠤᠯᠬᠤ ᠶᠢᠨ ᠲᠥᠯᠥᠭᠡ᠂ ︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠰᠢᠶᠠ ᠸᠠ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠶ᠎ᠠ ᠣᠷᠣᠨ ᠳᠤ ︽ᠬᠡᠷᠡᠭᠯᠡᠭᠡᠨ ᠤ ᠢᠲᠡᠭᠡᠯ ᠢ ᠬᠥᠭᠵᠢᠭᠡᠬᠦ︾ ᠪᠠᠷ ᠭᠤᠤᠯ ᠰᠡᠳᠦᠪ ᠪᠣᠯᠭᠠᠨ ᠣᠯᠠᠨ ᠶᠠᠩᠵᠤ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠰᠢᠶᠠ ᠸᠠ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠭᠠᠵᠠᠷ ᠤᠨ ᠬᠠᠤᠯᠢ ᠬᠡᠷᠡᠭᠵᠢᠭᠦᠯᠬᠦ ᠠᠵᠢᠯᠲᠠᠨ ᠤᠷᠢᠳ ᠬᠤᠵᠢᠳ ᠲᠣᠮᠣ ᠬᠡᠯᠪᠡᠷᠢ ᠶᠢᠨ ᠬᠡᠲᠦ ᠳᠡᠯᠭᠡᠭᠦᠷ᠂ ᠬᠥᠳᠡᠭᠡ ᠲᠣᠰᠬᠤᠨ ᠤ ᠲᠣᠮᠣ ᠳᠡᠯᠭᠡᠭᠦᠷ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠡᠷᠭᠡ ᠬᠥᠮᠦᠰ ᠤᠨ ᠴᠤᠪᠤᠷᠠᠯ ᠤᠨ ᠬᠡᠮᠵᠢᠶ᠎ᠡ ᠶᠡᠬᠡᠲᠡᠶ ᠭᠠᠵᠠᠷ ᠲᠤ ᠬᠦᠷᠴᠦ᠂ ᠡᠵᠡᠩᠨᠡᠭᠴᠢ ᠪᠠ ᠬᠡᠷᠡᠭᠯᠡᠭᠴᠢᠳ ᠲᠤ ᠬᠠᠨᠳᠤᠭᠤᠯᠤᠨ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾᠂ ︽ᠢᠳᠡᠭᠡᠨ ᠤ ᠠᠮᠤᠷ ᠲᠦᠪᠰᠢᠨ ᠤ ᠬᠠᠤᠯᠢ︾᠂ ︽ ᠦᠢᠯᠡᠳᠭᠦᠨ ᠤ ᠶᠠᠰᠤ ᠴᠢᠨᠠᠷ ᠤᠨ ᠬᠠᠤᠯᠢ︾ ᠵᠡᠷᠭᠡ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠪᠠ︔ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠣᠯᠠᠨ ᠲᠦᠮᠡᠨ ᠳᠤ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠵᠢᠴᠢ ᠰᠦᠯᠵᠢᠶᠡᠨ ᠤ ᠬᠡᠷᠡᠭᠯᠡᠭᠡ ᠶᠢᠨ ᠠᠮᠤᠷ ᠲᠦᠪᠰᠢᠨ ᠵᠡᠷᠭᠡ ᠮᠡᠳᠡᠯᠭᠡ ᠶᠢ ᠤᠬᠠᠭᠤᠯᠵᠤ᠂ ᠬᠡᠷᠡᠭᠯᠡᠭᠴᠢᠳ ᠤᠨ ᠬᠠᠭᠤᠷᠮᠠᠭ ᠢ ᠲᠠᠨᠢᠵᠤ ᠬᠠᠭᠤᠷᠮᠠᠭ ᠢ ᠢᠯᠭᠠᠬᠤ᠂ ᠲᠣᠰ ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠶᠢ  ᠳᠡᠭᠡᠭᠰᠢᠯᠡᠭᠦᠯᠪᠡ᠃ ᠣᠯᠠᠨ ᠲᠠᠯ᠎ᠠ ᠠᠴᠠ ᠤᠬᠠᠭᠤᠯᠬᠤ ᠪᠠ ᠬᠥᠲᠥᠯᠥᠨ ᠵᠢᠯᠣᠭᠤᠳᠬᠤ ᠪᠠᠷ ᠳᠠᠮᠵᠢᠭᠤᠯᠤᠨ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠴᠠᠭᠠᠵᠠ ᠶᠢᠨ ᠮᠡᠳᠡᠯᠭᠡ ᠶᠢ ᠡᠯ᠎ᠡ ᠲᠠᠯ᠎ᠠ ᠠᠴᠠ ᠲᠦᠭᠡᠮᠡᠯᠵᠢᠭᠦᠯᠵᠦ᠂ ᠬᠠᠷᠢᠶ᠎ᠠ ᠣᠷᠣᠨ ᠤ ᠬᠡᠷᠡᠭᠯᠡᠭᠴᠢᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃    ᠣᠲᠣ ᠪᠣᠯᠲᠠᠯ᠎ᠠ᠂ ᠰᠢᠶᠠ ᠸᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠨᠡᠶᠢᠲᠡ 200 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠤ ᠲᠤᠬᠠᠶ ᠶᠢᠨ ᠲᠠᠯᠠᠪᠤᠷ ᠤᠨ ᠯᠠᠪᠯᠠᠯᠲᠠ ᠶᠢ 30 ᠭᠠᠷᠤᠶ ᠤᠳᠠᠭ᠎ᠠ ᠭᠥᠯᠢᠶᠡᠨ ᠠᠪᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠰᠢᠶᠠ ᠸᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠪᠠᠰᠠ ᠦᠷᠭᠦᠯᠵᠢᠯᠡᠨ ᠤᠬᠠᠭᠤᠯᠭ᠎ᠠ ᠪᠠᠨ ᠴᠢᠩᠭᠠᠳᠬᠠᠵᠤ ᠂ ᠢᠳᠡᠭᠡᠨ ᠤ ᠠᠮᠤᠷ ᠲᠦᠪᠰᠢᠨ᠂ ᠡᠮ ᠤᠨ  ᠵᠦᠢᠯ ᠤᠨ ᠠᠮᠤᠷ ᠲᠦᠪᠰᠢᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠵᠡᠷᠭᠡ ᠶᠢᠨ ᠲᠤᠰᠬᠠᠶ ᠪᠠᠶᠢᠴᠠᠭᠠᠯᠲᠠ ᠶᠢ ᠭᠦᠨᠵᠡᠭᠡᠶ ᠥᠷᠨᠢᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号