ᠤᠷᠤᠢ ᠶᠢᠨ ᠰᠦᠮ᠎ᠡ ᠰᠤᠮᠤ᠄ ᠤᠢ ᠰᠢᠭᠤᠢ ᠨᠤᠲᠤᠭ ᠪᠡᠯᠴᠢᠭᠡᠷ ᠤᠨ ︽ᠭᠠᠯ ᠢ ᠰᠡᠷᠭᠡᠶᠢᠯᠡᠬᠦ ᠬᠡᠷᠡᠮ︾ ᠢ ᠰᠡᠷᠭᠡᠶᠢᠯᠡᠨ ᠬᠠᠮᠢᠶᠠᠷᠬᠤ ᠶᠢᠨ ᠬᠠᠮᠲᠤ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2023/3/16
   ᠤᠷᠤᠢ ᠶᠢᠨ ᠰᠦᠮ᠎ᠡ ᠰᠤᠮᠤ ᠶᠢᠨ ᠬᠠᠷᠢᠶ᠎ᠠ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠲᠠᠯᠠᠪᠠᠢ ᠶᠡᠭᠡ᠂ ᠤᠷᠭᠤᠮᠠᠯ ᠤᠨ ᠬᠤᠴᠢᠯᠭ᠎ᠠ ᠢᠭᠴᠤ ᠰᠠᠬᠤᠯᠢᠭ ᠪᠠᠶᠢᠵᠤ᠂ ᠬᠠᠪᠤᠷ ᠤᠨ ᠤᠯᠠᠷᠢᠯ ᠳᠤ ᠤᠷᠤᠭᠰᠠᠨ ᠠᠴᠠ ᠨᠠᠰᠢ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠪᠠᠶᠢᠳᠠᠯ ᠲᠦᠢᠯ ᠤᠨ ᠬᠦᠨᠳᠦ ᠨᠣᠴᠢᠲᠠᠢ ᠪᠠᠶᠢᠨ᠎ᠠ᠃ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ ᠤᠷᠤᠢ ᠶᠢᠨ ᠰᠦᠮ᠎ᠡ ᠰᠤᠮᠤ ᠳᠡᠭᠡᠳᠦ ᠱᠠᠲᠤᠨ ᠤ ᠵᠢᠭᠠᠪᠤᠷᠢ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠢᠳᠡᠪᠬᠢᠲᠡᠢ ᠬᠥᠳᠡᠯᠦᠯᠴᠡᠵᠦ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠰᠡᠷᠭᠡᠶᠢᠯᠡᠨ ᠬᠠᠮᠢᠶᠠᠷᠬᠤ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠᠨ ᠴᠢᠩᠭᠠᠳᠬᠠᠵᠤ᠂ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ᠂ ᠪᠣᠳᠠᠲᠠᠢ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃    ᠬᠠᠷᠢᠭᠤᠴᠠᠯᠭ᠎ᠠ ᠶᠢ ᠪᠠᠲᠤᠳᠬᠠᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠤᠷᠤᠢ ᠶᠢᠨ ᠰᠦᠮ᠎ᠡ ᠰᠤᠮᠤ ᠶᠢᠨ ᠨᠠᠮ ᠤᠨ  ᠬᠤᠷᠢᠶ᠎ᠠ᠂ ᠵᠠᠰᠠᠭ ᠤᠨ ᠣᠷᠳᠣᠨ ᠤᠯᠠᠨ ᠤᠳᠠᠭ᠎ᠠ ᠠᠵᠢᠯ ᠤᠨ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠵᠤ᠂ ᠪᠦᠬᠦ ᠰᠤᠮᠤ ᠶᠢᠨ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠬᠠᠷᠢᠭᠤᠴᠠᠯᠭ᠎ᠠ ᠶᠢᠨ ᠣᠷᠣᠨ ᠤ ᠬᠤᠪᠢᠶᠠᠷᠢᠯᠠᠯ ᠢ ᠲᠣᠳᠣᠷᠬᠠᠶᠢᠯᠠᠵᠤ᠂ ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ ᠬᠢᠭᠡᠳ ᠣᠶ ᠰᠢᠭᠤᠶ ᠡᠪᠡᠰᠦ ᠬᠠᠮᠠᠭᠠᠯᠠᠭᠴᠢ ᠶᠢᠨ  ᠦᠢᠯᠡᠳᠦᠯ ᠢ ᠪᠠᠳᠠᠷᠠᠭᠤᠯᠤᠨ᠂ ᠬᠥᠮᠦᠨ ᠳᠠᠷᠠᠭᠠᠯᠠᠨ ᠡᠭᠦᠷᠭᠡ ᠬᠤᠪᠢᠶᠠᠷᠢᠯᠠᠵᠤ᠂ ᠬᠡᠰᠡᠭ ᠭᠠᠵᠠᠷ ᠳᠠᠷᠠᠭᠠᠯᠠᠨ ᠰᠡᠷᠭᠡᠶᠢᠯᠡᠯᠲᠡ ᠶᠢᠨ ᠣᠷᠣᠨ ᠢ ᠬᠤᠪᠢᠶᠠᠷᠢᠯᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠠᠰᠤᠷᠠᠯᠲᠠ ᠥᠬᠡᠶ  ᠪᠠᠲᠤᠳᠬᠠᠨ᠎ᠠ᠃    ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠤᠷᠤᠢ ᠶᠢᠨ ᠰᠦᠮ᠎ᠡ ᠰᠤᠮᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠤᠬᠠᠭᠤᠯᠭ᠎ᠠ ᠶᠢᠨ ᠲᠠᠪᠴᠠᠩ ᠢ ᠭᠦᠢᠴᠡᠳ ᠠᠰᠢᠭᠯᠠᠵᠤ᠂ ᠬᠠᠮᠢᠶ᠎ᠠ ᠪᠦᠬᠦᠢ ᠮᠡᠳᠡᠭᠡ ᠶᠢ ᠴᠠᠭ ᠲᠤᠬᠠᠶ ᠳᠤᠨᠢ ᠨᠡᠶᠢᠲᠡᠯᠡᠵᠦ᠂ ᠬᠥᠮᠦᠰ ᠢ ᠵᠣᠬᠢᠶᠠᠨ ᠪᠠᠶᠢᠭᠤᠯᠤᠨ ᠡᠷᠦᠬᠡ ᠳᠤ ᠣᠴᠢᠭᠤᠯᠤᠨ ᠣᠶ ᠰᠢᠭᠤᠶ ᠨᠤᠲᠤᠭ ᠪᠡᠯᠴᠢᠭᠡᠷ ᠤᠨ  ᠭᠠᠯ ᠰᠡᠷᠭᠡᠶᠢᠯᠡᠨ ᠭᠠᠯ ᠤᠨᠲᠠᠷᠠᠭᠠᠬᠤ ᠤᠬᠠᠭᠤᠯᠭ᠎ᠠ ᠶᠢᠨ ᠮᠠᠲ᠋ᠧᠷᠢᠶᠠᠯ ᠢ 2200 ᠭᠠᠷᠤᠶ ᠬᠤᠪᠢ ᠲᠠᠷᠬᠠᠭᠠᠵᠤ᠂ ᠮᠠᠯᠴᠢᠨ ᠲᠠᠷᠢᠶᠠᠴᠢᠳ ᠲᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠠᠮᠤᠷ ᠲᠦᠪᠰᠢᠨ ᠢᠶᠠᠷ ᠭᠠᠯ ᠬᠡᠷᠡᠭᠯᠡᠬᠦ ᠮᠡᠳᠡᠯᠭᠡ ᠵᠡᠷᠭᠡ ᠶᠢ ᠥᠷᠭᠡᠨ ᠢᠶᠠᠷ ᠤᠬᠠᠭᠤᠯᠵᠤ᠂ ᠭᠤᠤᠯ ᠪᠣᠯᠬᠤ ᠣᠶᠢᠲᠤ ᠣᠷᠣᠨ ᠤ ᠨᠤᠲᠤᠭ ᠪᠡᠯᠴᠢᠭᠡᠷ ᠤᠨ ᠡᠷᠬᠢᠨ ᠲᠣᠭᠤᠷᠢᠨ ᠳᠤ 200 ᠭᠠᠷᠤᠶ ᠭᠠᠯ ᠰᠡᠷᠭᠡᠶᠢᠯᠡᠬᠦ  ᠲᠤᠭ ᠢ ᠳᠣᠭᠢᠷᠠᠭᠤᠯᠤᠨ᠂ 40 ᠭᠠᠷᠤᠶ ᠵᠤᠷᠪᠤᠰ ᠡᠯᠭᠦᠮᠡᠯ ᠤᠷᠢᠶ᠎ᠠ ᠯᠣᠽᠦ᠋ᠩ ᠡᠯᠭᠦᠵᠦ᠂ ᠮᠠᠯᠴᠢᠨ ᠲᠠᠷᠢᠶᠠᠴᠢᠳ ᠤᠨ ᠠᠮᠤᠷ ᠲᠦᠪᠰᠢᠨ ᠢᠶᠠᠷ ᠭᠠᠯ ᠬᠡᠷᠡᠭᠯᠡᠬᠦ ᠪᠠ ᠬᠡᠭᠡᠷ᠎ᠡ ᠭᠠᠳᠠᠨ᠎ᠠ ᠭᠠᠯ ᠰᠡᠷᠭᠡᠶᠢᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠥᠬᠦ ᠠᠷᠠᠳ ᠢᠶᠠᠷ ᠢᠶᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠨ᠎ᠠ᠃
   ᠪᠠᠴᠢᠮ ᠪᠠᠶᠢᠳᠠᠯ ᠢ ᠠᠷᠭᠠᠴᠠᠬᠤ ᠶᠢ ᠪᠠᠲᠤᠯᠠᠵᠤ᠂ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃  ᠣᠷᠤᠢ ᠶᠢᠨ ᠰᠦᠮ᠎ᠡ ᠰᠤᠮᠤ ᠪᠣᠳᠠᠲᠠᠢ ᠠᠵᠢᠯ ᠤᠨ ᠪᠠᠶᠢᠳᠠᠯ ᠢᠶᠠᠨ ᠦᠨᠳᠦᠰᠦᠯᠡᠵᠦ᠂ ᠤᠢ ᠰᠢᠭᠤᠢ ᠶᠢ ᠬᠠᠮᠠᠭᠠᠯᠠᠵᠤ ᠭᠠᠯ ᠰᠡᠷᠭᠡᠶᠢᠯᠡᠬᠦ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠵᠦ᠂ 20 ᠭᠠᠷᠤᠢ ᠬᠥᠮᠦᠨ ᠲᠠᠢ ᠤᠢ ᠰᠢᠭᠤᠢ ᠶᠢ ᠬᠠᠮᠠᠭᠠᠯᠠᠵᠤ ᠭᠠᠯ ᠰᠡᠷᠭᠡᠶᠢᠯᠡᠬᠦ ᠡᠩᠨᠡᠭᠡ ᠶᠢ ᠪᠠᠶᠢᠭᠤᠯᠵᠤ᠂ ᠬᠠᠷᠢᠶ᠎ᠠ ᠣᠷᠣᠨ ᠳᠠᠭᠠᠨ ᠡᠳᠦᠷ ᠲᠤᠳᠤᠮ ᠤᠨ ᠤᠢ ᠰᠢᠭᠤᠢ ᠶᠢ ᠬᠠᠮᠠᠭᠠᠯᠠᠵᠤ ᠭᠠᠯ ᠰᠡᠷᠭᠡᠶᠢᠯᠡᠬᠦ ᠲᠣᠭᠤᠷᠢᠨ ᠴᠠᠭᠳᠠᠬᠤ ᠠᠵᠢᠯ ᠥᠷᠨᠢᠭᠦᠯᠬᠦ ᠶᠢ ᠬᠠᠷᠢᠭᠤᠴᠠᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠰᠡᠷᠭᠡᠶᠢᠯᠡᠵᠦ᠂ ᠭᠠᠯ ᠤᠨ ᠭᠠᠮᠰᠢᠭ ᠤᠨ ᠭᠡᠮ ᠰᠣᠭᠤᠭ ᠢ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠶᠢ ᠦᠨᠡᠨᠬᠦ ᠪᠡᠶᠡᠯᠡᠭᠦᠯᠦᠭᠰᠡᠨ ᠪᠠᠶᠢᠨ᠎ᠠ᠃ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ︽ᠭᠠᠯ ᠪᠠᠶᠢᠪᠠᠯ ᠵᠠᠪᠠᠯ ᠮᠡᠳᠡᠭᠦᠯᠬᠦ᠂  ᠮᠡᠳᠡᠭᠦᠯᠬᠦ ᠤᠨᠲᠠᠷᠠᠭᠠᠬᠤ ᠶᠢ ᠵᠡᠷᠭᠡᠪᠡᠷ ᠶᠠᠪᠤᠭᠳᠠᠭᠤᠯᠬᠤ︾ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠴᠢᠮᠡᠭᠡ ᠬᠤᠯᠪᠣᠭ᠎ᠠ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠴᠢᠩᠭ᠎ᠠ ᠰᠡᠷᠭᠡᠶᠢᠯᠡᠨ ᠰᠠᠬᠢᠵᠤ᠂ ᠲᠦᠷᠭᠡᠨ ᠲᠤᠰᠬᠠᠯ ᠲᠠᠢ ᠪᠠᠶᠢᠵᠤ᠂ ᠪᠥᠬᠦ ᠰᠤᠮᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠᠶᠢᠳᠠᠯ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ  ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号