ᠠᠤᠬᠠᠨ ᠬᠤᠰᠢᠭᠤ ᠠᠩᠬᠠᠳᠠᠭᠴᠢ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ ᠤᠨ ︽ᠬᠡᠷ ᠪᠠᠶᠢᠰᠢᠩ  ᠪᠠ ᠦᠨᠡᠮᠯᠡᠯ ᠢ ᠬᠠᠮᠲᠤ ᠳᠤᠨᠢ ᠲᠤᠰᠢᠶᠠᠬᠤ︾ ᠲᠥᠷᠥᠯ ᠵᠦᠢᠯ ᠳᠤ ᠦᠨᠡᠮᠯᠡᠯ ᠣᠯᠭᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/3/16
   3 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠠᠤᠬᠠᠨ ᠬᠤᠰᠢᠭᠤᠨ ᠤ ᠠᠩᠬᠠᠳᠠᠭᠴᠢ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ ᠤᠨ ︽ ᠬᠡᠷ ᠪᠠᠶᠢᠰᠢᠩ  ᠪᠠ ᠦᠨᠡᠮᠯᠡᠯ ᠢ ᠬᠠᠮᠲᠤ ᠳᠤᠨᠢ ᠲᠤᠰᠢᠶᠠᠬᠤ︾ ᠲᠥᠷᠥᠯ ᠵᠦᠢᠯ ᠳᠤ ᠦᠨᠡᠮᠯᠡᠯ ᠣᠯᠭᠤᠬᠤ ᠶᠣᠰᠣᠯᠠᠯ ᠶᠠᠪᠤᠭᠳᠠᠵᠤ᠂ ᠠᠤᠬᠠᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ  ᠤ ᠲᠥᠪ ᠤᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ ᠶᠠᠪᠤᠭᠳᠠᠪᠠ᠃
   ︽ᠬᠡᠷ ᠪᠠᠶᠢᠰᠢᠩ ᠪᠠ ᠦᠨᠡᠮᠯᠡᠯ ᠢ ᠬᠠᠮᠲᠤ ᠳᠤᠨᠢ ᠲᠤᠰᠢᠶᠠᠬᠤ  ︾ ᠪᠣᠯ ᠠᠤᠬᠠᠨ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ  ᠤᠨ ᠬᠢᠨ ᠬᠤᠰᠢᠭᠤᠨ ᠤ ᠪᠠᠷᠢᠯᠭ᠎ᠠ ᠶᠢᠨ ᠢᠨᠵᠧᠨᠧᠷᠢᠩ ᠤᠨ ᠥᠭᠡᠷᠡᠴᠢᠯᠡᠯᠲᠡ ᠶᠢᠨ ᠠᠯᠪᠠᠨ ᠬᠡᠷ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠥᠪ ᠲᠠᠢ ᠬᠠᠮᠲᠤᠷᠠᠨ ᠭᠠᠷᠭᠠᠭᠰᠠᠨ ᠪᠠᠰᠠ ᠨᠢᠭᠡ  ᠵᠦᠢᠯ ᠤᠨ ᠠᠷᠠᠳ ᠲᠤ ᠲᠥᠬᠦᠮ ᠦᠵᠡᠭᠦᠯᠬᠦ ᠠᠷᠭ᠎ᠠ  ᠪᠠᠷᠢᠯ ᠮᠥᠨ᠂ ᠮᠥᠨ ᠴᠦ ᠠᠤᠬᠠᠨ ᠬᠤᠰᠢᠭᠤᠨ ᠤ  ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠮᠥᠨ᠂ ︽ ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠳᠠᠭᠠᠯᠳᠤᠨ᠂ ᠠᠤᠬᠠᠨ ᠬᠤᠰᠢᠭᠤ ︵ᠱᠧᠩ ᠰᠢᠨ ᠣᠷᠣᠨ ᠰᠠᠭᠤᠴᠠ ᠶᠢᠨ C ᠲᠣᠭᠤᠷᠢᠭ︶ ᠳᠤ ︽ᠬᠡᠷ ᠪᠠᠶᠢᠰᠢᠩ ᠪᠠ ᠦᠨᠡᠮᠯᠡᠯ ᠢ ᠬᠠᠮᠲᠤ  ᠳᠤᠨᠢ ᠲᠤᠰᠢᠶᠠᠬᠤ  ︾ ᠶᠢ ᠪᠡᠶᠡᠯᠡᠭᠦᠯᠦᠭᠰᠡᠨ ᠪᠠᠶᠢᠨ᠎ᠠ᠃ ᠠᠤᠬᠠᠨ ᠬᠤᠰᠢᠭᠤᠨ ᠤ ︽ᠬᠡᠷ ᠪᠠᠶᠢᠰᠢᠩ ᠪᠠ ᠦᠨᠡᠮᠯᠡᠯ ᠢ ᠬᠠᠮᠲᠤ ᠳᠤᠨᠢ ᠲᠤᠰᠢᠶᠠᠬᠤ  ︾ ᠥᠭᠡᠷᠡᠴᠢᠯᠡᠯᠲᠡ ᠨᠢ ᠬᠡᠷ ᠪᠠᠶᠢᠰᠢᠩ ᠬᠤᠳᠠᠯᠳᠤᠨ ᠠᠪᠤᠭᠴᠢᠳ ᠤᠨ ᠬᠡᠷ ᠪᠠᠶᠢᠰᠢᠩ ᠲᠤᠰᠢᠶᠠᠬᠤ ᠶᠢ ᠪᠡᠶᠡᠯᠡᠭᠦᠯᠵᠦ᠂ ᠦᠨᠡᠮᠯᠡᠯ ᠠᠪᠬᠤ ᠳᠤ ︽ᠴᠠᠭ ᠤᠨ ᠵᠥᠷᠢᠶ᠎ᠡ ᠥᠬᠡᠶ︾ ᠪᠣᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠥᠩᠭᠡᠷᠡᠭᠰᠡᠨ ᠤ ᠬᠡᠷ ᠪᠠᠶᠢᠰᠢᠩ ᠲᠤᠰᠢᠶᠠᠬᠤ ᠪᠠ ᠦᠨᠡᠮᠯᠡᠯ ᠲᠤᠰᠢᠶᠠᠬᠤ ᠶᠢ ᠵᠡᠷᠭᠡ ᠪᠠᠷ ᠶᠠᠪᠤᠭᠳᠠᠭᠤᠯᠬᠤ ᠥᠬᠡᠶ ᠠᠴᠠ ᠪᠣᠯᠤᠭᠰᠠᠨ ᠬᠡᠮ ᠰᠣᠭᠤᠭ ᠢ ᠡᠬᠢ ᠡᠭᠦᠰᠦᠯ ᠠᠴᠠ ᠨᠢ ᠠᠷᠢᠯᠭᠠᠵᠤ᠂ ᠣᠯᠠᠨ ᠲᠦᠮᠡᠨ ᠢ ︽ᠨᠢᠭᠡ ᠲᠠᠯ᠎ᠠ ᠪᠠᠷ ᠲᠦᠯᠬᠢᠭᠦᠷ ᠠᠳᠬᠤᠵᠤ᠂ ᠨᠢᠭᠡ ᠲᠠᠯ᠎ᠠ ᠪᠠᠷ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠠᠪᠴᠤ︾᠂ ᠬᠡᠷ ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠬᠦᠴᠢᠷᠳᠡᠯ ᠢ ᠠᠷᠢᠯᠭᠠᠵᠤ᠂ ᠣᠯᠠᠨ ᠲᠦᠮᠡᠨ ᠲᠠᠢ ᠴᠢᠰᠤ ᠮᠢᠬᠠᠨ ᠤ ᠪᠠᠷᠢᠯᠳᠤᠯᠭ᠎ᠠ ᠲᠠᠢ᠂ ᠬᠠᠶᠢᠷ᠎ᠠ ᠰᠡᠳᠬᠢᠯᠭᠡ ᠪᠠᠨ ᠠᠭᠤᠰᠤᠯᠴᠠᠭᠤᠯᠬᠤ ᠶᠢ ᠦᠨᠡᠨ ᠬᠦ ᠪᠡᠶᠡᠯᠡᠭᠦᠯᠪᠡ᠃
   2023 ᠣᠨ ᠪᠣᠯ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠤᠨ ᠰᠢᠪᠲᠤᠯᠤᠯᠲᠠ ᠲᠠᠢ ᠵᠢᠯ ᠮᠥᠨ᠂ ᠠᠤᠬᠠᠨ ᠬᠤᠰᠢᠭᠤᠨ ᠤ ᠬᠢᠨ ᠨᠡᠪᠲᠡᠷᠡᠯᠴᠡᠨ ᠬᠠᠮᠵᠢᠯᠴᠠᠬᠤ ᠡᠷᠴᠢᠮ ᠢᠶᠠᠨ ᠴᠢᠩᠭᠠᠷᠠᠭᠤᠯᠵᠤ᠂ ᠶᠠᠪᠤᠴᠠ ᠶᠢᠨ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠨ᠂ ᠬᠢᠨᠠᠯᠲᠠ ᠲᠠᠯᠪᠢᠬᠤ ᠰᠢᠰᠲ᠋ᠧᠮᠵᠢ ᠪᠠᠨ ᠪᠦᠷᠢᠨᠰᠢᠬᠦᠯᠵᠦ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠪᠠᠨ ᠰᠢᠯᠢᠳᠡᠭᠵᠢᠭᠦᠯᠬᠦ ᠶᠢ ᠵᠢᠯᠣᠭᠤᠳᠴᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠢᠳᠡᠪᠬᠢᠲᠡᠶ  ᠭᠦᠢᠴᠡᠳᠭᠡᠵᠦ᠂ ︽ᠬᠡᠷ ᠪᠠᠶᠢᠰᠢᠩ  ᠪᠠ ᠦᠨᠡᠮᠯᠡᠯ ᠢ ᠬᠠᠮᠲᠤ  ᠳᠤᠨᠢ ᠲᠤᠰᠢᠶᠠᠬᠤ︾ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠭᠦᠨᠵᠡᠭᠡᠶ ᠳᠥᠯᠭᠢᠨ ᠠᠬᠢᠭᠤᠯᠵᠤ᠂ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠭᠦᠨᠵᠡᠭᠡᠶ ᠠᠬᠢᠭᠤᠯᠤᠨ᠎ᠠ᠃ ᠭᠦᠢᠴᠡᠳᠬᠡᠬᠦ ᠭᠤᠭᠴᠤᠭ᠎ᠠ ᠨᠢ ᠬᠠᠮᠤᠭ ᠤᠨ ᠴᠥᠭᠡᠨ᠂ ᠬᠡᠷᠡᠭ ᠡᠷᠬᠢᠯᠡᠬᠦ ᠶᠠᠪᠤᠴᠠ ᠨᠢ ᠬᠠᠮᠤᠭ ᠤᠨ ᠳᠥᠭᠦᠮ᠂ ᠭᠦᠢᠴᠡᠳᠬᠡᠵᠦ ᠳᠠᠭᠤᠰᠬᠠᠬᠤ ᠴᠠᠭ ᠬᠤᠭᠤᠴᠠᠭ᠎ᠠ ᠨᠢ ᠬᠠᠮᠤᠭ ᠤᠨ ᠣᠬᠤᠷ᠂  ᠠᠷᠠᠯᠵᠢᠶ᠎ᠠ ᠡᠵᠡᠩᠨᠡᠬᠦ ᠣᠷᠴᠢᠨ  ᠨᠦᠭᠦᠴᠡᠯ  ᠢ ᠴᠢᠷᠮᠠᠶᠢᠨ ᠪᠤᠢ ᠪᠣᠯᠭᠠᠵᠤ᠂ ᠠᠷᠠᠳ ᠤᠯᠠᠨ ᠳᠤ ᠥᠭᠡᠷᠡᠴᠢᠯᠡᠯᠲᠡ ᠬᠥᠭᠵᠢᠯᠲᠡ ᠠᠴᠠ ᠪᠣᠯᠤᠭᠰᠠᠨ ᠲᠦᠷᠦ ᠶᠢᠨ ᠪᠤᠳᠤᠯᠭ᠎ᠠ ᠶᠢᠨ ᠠᠰᠢᠭ ᠢ ᠭᠦᠢᠴᠡᠳ ᠡᠳ᠋ᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠬᠠᠨᠤᠮᠵᠢ ᠶᠢᠨ ᠲᠦᠷᠦᠭᠳᠡᠯ ᠪᠠ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠦᠨ᠎ᠡ᠃  
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号